ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠰᠢᠭᠦᠭᠦ ᠬᠤᠷᠢᠶᠠᠨ ᠤ ᠬᠤᠷᠢᠶᠠᠨ ᠳᠠᠷᠤᠭ᠎ᠠ ᠬᠠᠨ ᠶᠠᠨ ᠪᠢᠨ᠂  ᠠᠷᠠᠳ ᠤᠨ ᠪᠠᠶᠢᠴᠠᠭᠠᠬᠤ ᠬᠤᠷᠢᠶᠠᠨ ᠤ ᠬᠤᠷᠢᠶᠠᠨ ᠳᠠᠷᠤᠭ᠎ᠠ ᠸᠧᠶ ᠢᠦᠶ ᠵᠦ ᠶᠢ ᠳᠤᠰᠬᠠᠶᠢᠯᠠᠨ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2019-11-04
    ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠬᠠᠨ ᠶᠠᠨ ᠪᠢᠨ᠄      ᠶᠡᠷᠦᠩᠬᠡᠶ ᠱᠦᠵᠢ ᠰᠢ ᠶᠢᠨ ᠫᠢᠩ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ᠂ ᠳᠤᠮᠳᠠᠳᠤ ᠤᠯᠤᠰ ᠤᠨ ᠡᠪ ᠬᠠᠮᠲᠤ ᠶᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠠᠷᠤᠶ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠂ ᠰᠢᠭᠦᠬᠦ ᠬᠤᠷᠢᠶ᠎ᠠ ᠨᠢ ᠵᠢᠭᠤᠷᠠᠭᠠᠨ ᠢ ᠰᠢᠢᠳᠪᠦᠷᠢᠯᠡᠬᠦ᠂ ᠠᠷᠠᠳ ᠲᠦᠮᠡᠨ ᠢ ᠬᠠᠮᠠᠭᠠᠯᠠᠬᠤ᠂ ᠲᠥᠪ ᠭᠤᠤᠯᠴᠢ ᠶᠢ ᠬᠠᠮᠠᠭᠠᠯᠠᠬᠤ ᠶᠢᠨ ᠲᠥᠯᠥᠭᠡ᠂ ᠤᠭ ᠰᠠᠨᠠᠭ᠎ᠠ ᠪᠠᠨ ᠰᠠᠬᠢᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠱᠠᠭᠠᠷᠳᠠᠯᠭ᠎ᠠ ᠶᠢ ︽ᠠᠷᠠᠳ ᠣᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ︾ ᠬᠠᠷᠠᠯᠲᠠ ᠳᠡᠭᠡᠷ᠎ᠡ ᠨᠠᠶᠢᠳᠠᠪᠤᠷᠢᠵᠢᠭᠤᠯᠬᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ ᠰᠢᠨ᠎ᠡ ᠴᠠᠭ ᠦᠶ᠎ᠡ ᠶᠢᠨ ᠦᠢᠯᠡᠳᠦᠯᠭᠡ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠥᠷᠥ ᠶᠢᠨ ᠵᠣᠭᠰᠤᠴᠠ ᠪᠠᠨ ᠳᠡᠭᠡᠭᠰᠢᠯᠡᠭᠦᠯᠵᠦ ᠂ ᠤᠯᠤᠰ ᠲᠥᠷᠥ ᠶᠢᠨ ᠵᠣᠭᠰᠤᠯᠲᠠ ᠪᠠᠨ ᠪᠠᠲᠤᠳᠬᠠᠬᠤ ᠬᠡᠷᠡᠭᠲᠡᠶ᠃ ᠦᠵᠡᠯ ᠰᠠᠨᠠᠭ᠎ᠠ ᠪᠣᠯ ᠦᠢᠯᠡ ᠠᠵᠢᠯᠯᠠᠭᠠᠨ ᠤ ᠭᠤᠤᠯ ᠰᠢᠯᠲᠠᠭᠠᠨ ᠮᠥᠨ᠂ ᠤᠨᠤᠯ ᠪᠣᠯ ᠦᠢᠯᠡᠳᠦᠯᠭᠡ ᠶᠢᠨ ᠵᠦᠭᠯᠡᠭᠦᠷ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠦᠬᠦ ᠺᠠᠳ᠋ᠷ ᠴᠠᠭᠳᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ ︽ᠳᠥᠷᠪᠡᠨ ᠤᠬᠠᠮᠰᠠᠷ︾᠎ ᠢ ᠨᠢ ᠴᠢᠩᠭᠠᠷᠠᠭᠤᠯᠵᠤ᠂ ︽ᠳᠥᠷᠪᠡᠨ ᠢᠲᠡᠭᠡᠯ︾᠎ ᠢ ᠨᠢ ᠪᠠᠲᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠴᠠᠭ ᠢᠮᠠᠭᠲᠠ ᠨᠠᠮ ᠲᠠᠢ ᠨᠢᠭᠡᠳᠦᠯᠲᠡᠶ ᠪᠠᠶᠢᠬᠤ ᠶᠢ ᠪᠠᠷᠢᠮᠲᠠᠯᠠᠨ᠂ ᠨᠠᠮ ᠪᠠ ᠠᠷᠠᠳ ᠲᠦᠮᠡᠨ ᠤ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠨ᠎ᠠ᠃      ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠶᠣᠰᠣ ᠳᠦᠷᠢᠮ ᠢ ᠰᠠᠬᠢᠵᠤ᠂ ᠠᠷᠢᠭᠤᠨ ᠴᠢᠬᠡᠴᠢ ᠶᠢ ᠪᠠᠲᠤᠯᠠᠬᠤ ᠬᠡᠷᠡᠭᠲᠡᠶ᠃ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠤᠨ ᠲᠥᠯᠥᠭᠡ ᠲᠡᠮᠡᠴᠡᠬᠦ ᠠᠮᠠᠯᠠᠯᠲᠠ ᠪᠠᠨ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠥᠪᠡᠷ ᠤᠨ ᠰᠠᠬᠢᠯᠭ᠎ᠠ ᠪᠠᠲᠤ ᠪᠠ ᠦᠢᠯᠡ ᠠᠵᠢᠯᠯᠠᠭ᠎ᠠ ᠪᠠᠨ ᠴᠢᠩᠭ᠎ᠠ ᠬᠢᠵᠠᠭᠠᠷᠯᠠᠵᠤ᠂ ᠨᠥᠬᠦᠴᠡᠯ ᠦᠭᠡᠢ ᠢᠶᠠᠷ ᠰᠠᠬᠢᠯᠭ᠎ᠠ ᠪᠠᠲᠤ ᠶᠢ ᠬᠡᠷᠡᠭᠵᠢᠭᠦᠯᠵᠦ᠂ ᠨᠠᠷᠢᠨ ᠲᠣᠳᠤᠷᠬᠠᠢ ᠶᠣᠰᠣ ᠳᠦᠷᠢᠮ ᠢ ᠵᠢᠷᠤᠮᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ ᠲᠤ ᠤᠭᠲᠤ ᠬᠦᠷᠬᠦ ᠦᠭᠡᠢ᠂ ᠯᠠᠪᠳᠠᠭᠤᠨ ᠪᠠᠲᠤᠲᠠᠶ ᠰᠤᠷᠲᠠᠯ ᠤᠨ ᠪᠠᠶᠢᠭᠤᠯᠤᠯᠲᠠ ᠪᠠᠷ ᠭᠠᠷᠳᠠᠬᠤ ᠴᠡᠭ ᠪᠣᠯᠭᠠᠵᠤ᠂ ᠡᠯ᠎ᠡ ᠵᠦᠢᠯ ᠤᠨ ᠬᠠᠷᠰᠢ ᠰᠠᠭᠠᠳ ᠢ ᠡᠰᠡᠷᠭᠦᠴᠡᠨ ᠬᠤᠷᠢᠭᠯᠠᠵᠤ᠂ ᠡᠷᠬᠢᠮ ᠳᠡᠭᠡᠳᠦ ᠶᠣᠰᠣ ᠮᠣᠷᠠᠯ ᠵᠠᠩ ᠴᠢᠨᠠᠷ ᠢ ᠬᠥᠮᠦᠵᠢᠭᠦᠯᠬᠦ ᠬᠡᠷᠡᠭᠲᠡᠶ᠃      ᠠᠷᠠᠳ ᠲᠦᠮᠡᠨ ᠢᠶᠠᠷ ᠭᠤᠤᠯ ᠪᠣᠯᠭᠠᠬᠤ ᠶᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡ ᠵᠢᠳᠬᠦᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠪᠠᠷᠢᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠠᠤᠯᠢ ᠪᠠᠷᠢᠬᠤ ᠣᠯᠠᠨ ᠡᠰᠢᠴᠢᠯᠡᠭᠰᠡᠨ ᠬᠡᠷᠡᠭᠴᠡᠭᠡ ᠶᠢ ᠴᠢᠷᠮᠠᠶᠢᠨ ᠬᠠᠩᠭᠠᠵᠤ᠂ ᠲᠤᠬᠠᠶ ᠶᠢᠨ ᠬᠥᠮᠦᠨ ᠨᠢᠭᠡᠪᠦᠷᠢ ᠶᠢ ᠬᠦᠯᠢᠶᠡᠨ ᠠᠪᠴᠤ᠂ ᠲᠢᠩᠬᠢᠮ ᠨᠢᠭᠡᠪᠦᠷᠢ ᠶᠢ ᠰᠠᠶᠢᠲᠤᠷ ᠨᠡᠭᠡᠭᠡᠵᠦ᠂ ᠬᠠᠤᠯᠢ ᠴᠠᠭᠠᠵᠠ ᠶᠢᠨ ᠪᠢᠴᠢᠭ ᠮᠠᠲ᠋ᠧᠷᠢᠶᠡᠯ ᠨᠢᠭᠡᠪᠦᠷᠢ ᠶᠢ ᠰᠠᠶᠢᠲᠤᠷ ᠵᠣᠬᠢᠶᠠᠵᠤ᠂ ᠬᠡᠷᠡᠭ ᠨᠢᠭᠡᠪᠦᠷᠢ ᠶᠢ ᠰᠠᠶᠢᠲᠤᠷ ᠬᠡᠷᠡᠭᠵᠢᠭᠦᠯᠵᠦ᠂ ᠠᠷᠠᠳ ᠣᠯᠠᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠬᠠᠤᠯᠢ ᠪᠠᠷᠢᠵᠤ᠂ ᠣᠯᠠᠨ ᠲᠦᠮᠡᠨ ᠤ ᠠᠰᠢᠭ ᠲᠤᠰᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠬᠡᠷᠡᠭ ᠰᠢᠢᠳᠪᠦᠷᠢᠯᠡᠵᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ ᠤᠬᠠᠮᠰᠠᠷᠲᠤ ᠴᠢᠨᠠᠷ ᠢ ᠦᠨᠡᠨᠬᠦ ᠴᠢᠩᠭᠠᠳᠬᠠᠨ᠎ᠠ᠃     ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠬᠤᠷᠢᠶᠠᠨ ᠳᠠᠷᠤᠭ᠎ᠠ ᠸᠧᠶ ᠢᠦᠶ ᠵᠦ᠄      ᠠᠷᠠᠳ ᠲᠦᠮᠡᠨ ᠢᠶᠠᠷ ᠭᠤᠤᠯ ᠪᠣᠯᠭᠠᠬᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠪᠣᠯ ᠪᠠᠶᠢᠴᠠᠭᠠᠭᠴᠢ ᠶᠢᠨ ᠤᠭ ᠰᠠᠨᠠᠭ᠎ᠠ ᠮᠥᠨ︔ ᠬᠡᠷᠡᠭ ᠪᠣᠯᠭᠠᠨ ᠠᠴᠠ ᠠᠷᠠᠳ ᠣᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ ᠪᠣᠯ ᠪᠠᠶᠢᠴᠠᠭᠠᠭᠴᠢ ᠶᠢᠨ ᠡᠭᠦᠷᠭᠡ ᠬᠠᠷᠢᠭᠤᠴᠠᠯᠭ᠎ᠠ ᠮᠥᠨ᠃ ᠶᠡᠭᠡ ᠲᠠᠯ᠎ᠠ ᠶᠢ ᠳᠠᠭᠠᠵᠤ᠂ ᠠᠷᠠᠳ ᠲᠦᠮᠡᠨ ᠳᠤ ᠦᠢᠯᠡᠴᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠪᠣᠯ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠲᠡᠷᠢᠭᠦᠨ ᠴᠢᠬᠤᠯᠠ ᠠᠭᠤᠯᠭ᠎ᠠ ᠪᠣᠯᠤᠨ᠎ᠠ᠃      ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ᠃ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠪᠠᠶᠢᠴᠠᠭᠠᠬᠤ ᠪᠠᠶᠢᠭᠤᠯᠭ᠎ᠠ ᠶᠢᠨ ᠠᠵᠢᠯ ᠢ ᠪᠠᠲᠤ ᠡᠵᠡᠮᠰᠢᠨ᠂ ᠤᠯᠤᠰ ᠲᠥᠷᠥ ᠶᠢ ᠡᠷᠬᠢᠮᠯᠡᠬᠦ ᠶᠢ ᠪᠠᠶᠢᠴᠠᠭᠠᠬᠤ ᠠᠵᠢᠯ ᠤᠨ ᠲᠠᠯ᠎ᠠ ᠪᠦᠬᠦᠨ ᠳᠤ ᠨᠠᠶᠢᠳᠠᠪᠤᠷᠢᠵᠢᠭᠤᠯᠬᠤ᠂ ᠬᠠᠤᠯᠢ ᠴᠠᠭᠠᠵᠠ ᠠᠴᠠ ᠪᠠᠶᠢᠴᠠᠭᠠᠬᠤ ᠪᠠᠶᠢᠭᠤᠯᠭ᠎ᠠ ᠳᠤ ᠣᠯᠭᠤᠭᠰᠠᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠪᠠ᠃ ᠠᠵᠢᠯ᠂ ᠦᠵᠡᠯ ᠰᠠᠨᠠᠭᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠰᠤᠷᠤᠯᠴᠠᠨ ᠣᠶᠢᠯᠠᠭᠠᠬᠤ᠂ ᠨᠡᠪᠲᠡᠷᠡᠲᠡᠯ᠎ᠡ ᠣᠶᠢᠯᠠᠭᠠᠬᠤ᠂ ᠰᠠᠭᠠᠳ ᠦᠭᠡᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃      ᠨᠠᠷᠢᠨ ᠬᠢᠨᠠᠮᠠᠭᠠᠶ ᠠᠵᠢᠯᠯᠠᠵᠤ᠂ ᠥᠪᠡᠷ ᠢ ᠪᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠤᠨ᠎ᠠ᠃ ᠥᠪᠡᠷ ᠤᠨ ᠠᠵᠢᠯ ᠢᠶᠠᠨ ᠨᠠᠮ ᠪᠠ ᠠᠷᠠᠳ ᠲᠦᠮᠡᠨ ᠤ ᠱᠠᠭᠠᠷᠳᠠᠯᠭ᠎ᠠ ᠠᠴᠠ ᠪᠠᠰᠠ ᠬᠡᠳᠦᠶ ᠬᠤᠯᠠ ᠪᠠᠶᠢᠬᠤ ᠶᠢ ᠲᠠᠰᠤᠷᠠᠯᠲᠠ ᠦᠭᠡᠢ ᠬᠢᠨᠠᠨ ᠦᠵᠡᠵᠦ᠂ ᠲᠡᠮᠦᠷ ᠮᠡᠲᠦ ᠬᠠᠲᠠᠭᠤ ᠱᠠᠭᠠᠷᠳᠠᠯᠭ᠎ᠠ ᠪᠠᠷ ᠦᠨᠡᠨᠬᠦ ᠪᠡᠶᠡᠯᠡᠭᠦᠯᠵᠦ᠂ ᠣᠬᠢ ᠰᠢᠯᠢᠳᠡᠭ ᠢ ᠡᠷᠢᠯᠬᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠪᠠᠲᠤᠯᠠᠭ᠎ᠠ ᠪᠠᠨ ᠪᠠᠲᠤᠯᠠᠵᠤ᠂ ᠬᠡᠷᠡᠭ ᠰᠢᠢᠳᠪᠦᠷᠢᠯᠡᠵᠦ ᠠᠶᠤᠯ ᠲᠦᠭᠰᠢᠭᠦᠷᠢ ᠶᠢ ᠠᠷᠢᠯᠭᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠢ ᠤᠶᠠᠯᠳᠤᠭᠤᠯᠵᠤ ᠂ ᠪᠠᠶᠢᠴᠠᠭᠠᠬᠤ ᠠᠵᠢᠯ ᠢ ᠤᠬᠠᠮᠰᠠᠷ ᠠᠴᠠ ᠪᠠᠨ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠨ ᠲᠥᠯᠥᠪᠵᠢᠭᠦᠯᠦᠨ ᠠᠬᠢᠭᠤᠯᠬᠤ ᠬᠡᠷᠡᠭᠲᠡᠶ᠃      ᠣᠨᠣᠯ ᠦᠢᠯᠡᠳᠦᠯᠭᠡ ᠶᠢ ᠨᠢᠭᠡᠳᠬᠡᠵᠦ᠂ ᠪᠠᠶᠢᠴᠠᠭᠠᠬᠤ ᠠᠵᠢᠯ ᠤᠨ ᠪᠠᠶᠢᠭᠤᠯᠤᠯᠲᠠ ᠶᠢ ᠨᠠᠶᠢᠳᠠᠪᠤᠷᠢᠵᠢᠭᠤᠯᠤᠨ᠎ᠠ ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ︽ᠴᠢᠩᠭ᠎ᠠ︾ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠪᠠᠶᠢᠴᠠᠭᠠᠬᠤ ᠠᠵᠢᠯᠲᠠᠨ ᠨᠢᠭᠡᠪᠦᠷᠢ ᠶᠢᠨ ᠪᠡᠶ᠎ᠡ ᠳᠡᠭᠡᠷ᠎ᠡ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠬᠠᠮᠢᠶᠠᠷᠤᠯᠲᠠ ᠪᠠᠷ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠲᠦᠯᠬᠢᠨ ᠠᠬᠢᠭᠤᠯᠪᠠ᠃ ᠲᠤᠰᠬᠠᠶᠢᠵᠢᠭᠤᠯᠬᠤ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠷᠢᠯᠢᠬᠵᠢᠭᠤᠯᠬᠤ ᠪᠠᠶᠢᠭᠤᠯᠤᠯᠲᠠ ᠶᠢ ᠳᠣᠪᠤᠶᠢᠯᠭᠠᠨ ᠠᠬᠢᠭᠤᠯᠵᠤ᠂ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠠᠷᠠᠳ ᠤᠨ ᠰᠠᠨᠠᠭ᠎ᠠ ᠶᠢ ᠳᠠᠭᠠᠵᠤ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠬᠦᠴᠦᠨ ᠢ ᠨᠢᠭᠲᠠᠷᠠᠭᠤᠯᠵᠤ᠂ ᠠᠷᠠᠳ ᠤᠯᠠᠨ ᠢ ᠨᠠᠩ ᠣᠯᠠᠨ ᠨᠠᠩ ᠪᠣᠳᠠᠲᠠᠶ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠨ᠎ᠠ᠃
 
ᠢᠷᠡᠯᠲᠡ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号