ᠬᠠᠶᠢᠷᠤᠪ ᠤᠨ ᠲᠤᠬᠤᠢ ᠲᠤᠭᠤᠷᠢᠭ ᠤᠨ ᠰᠣᠶᠣᠯ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠯᠢᠳᠡᠭ ᠰᠣᠶᠣᠯ ᠤᠨ ᠣᠷᠳᠣᠨ︾ ᠭᠡᠬᠦ ᠴᠤᠯᠠ ᠶᠢ ᠬᠦᠷᠲᠡᠪᠡ
ᠨᠡᠶᠢᠲᠡᠯᠡᠭᠰᠡᠨ ᠴᠠᠭ᠄
2019-11-05
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ 2017 — 2018 ᠣᠨ ᠤ ᠪᠦᠬᠦ ᠣᠷᠣᠨ ᠤ ᠦᠨᠳᠦᠰᠦᠨ ᠱᠠᠲᠤᠨ ᠤ ᠰᠣᠶᠣᠯ ᠤᠨ ᠠᠷᠪᠠᠨ ᠰᠢᠯᠢᠳᠡᠭ ᠨᠢᠭᠡᠴᠡ ᠶᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠵᠦ᠂ ᠡᠭᠦᠨ ᠳᠤ ᠬᠠᠶᠢᠷᠤᠪ ᠤᠨ ᠲᠤᠬᠤᠢ ᠲᠤᠭᠤᠷᠢᠭ ᠤᠨ ᠰᠣᠶᠣᠯ ᠤᠨ ᠣᠷᠳᠣᠨ ᠤ ᠨᠡᠷ᠎ᠡ ᠲᠤᠳᠤᠷᠠᠭᠰᠠᠨ ᠪᠠᠶᠢᠨ᠎ᠠ᠃ ᠡᠨᠡ ᠨᠢ ᠬᠠᠶᠢᠷᠤᠪ ᠤᠨ ᠲᠤᠬᠤᠢ ᠲᠤᠭᠤᠷᠢᠭ ᠤᠨ ᠰᠣᠶᠣᠯ ᠤᠨ ᠣᠷᠳᠣᠨ ᠳᠥᠷᠪᠡᠳᠡᠬᠢ ᠤᠳᠠᠭ᠎ᠠ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠯᠢᠳᠡᠭ ᠰᠣᠶᠣᠯ ᠤᠨ ᠣᠷᠳᠣᠨ︾᠎ ᠤ ᠢᠷᠠᠭᠤ ᠠᠯᠳᠠᠷ ᠢ ᠬᠦᠷᠲᠡᠵᠦ ᠪᠠᠶᠢᠨ᠎ᠠ᠃      ᠬᠠᠶᠢᠷᠤᠪ ᠤᠨ ᠲᠤᠬᠤᠢ ᠲᠤᠭᠤᠷᠢᠭ ᠤᠨ ᠰᠣᠶᠣᠯ ᠤᠨ ᠣᠷᠳᠣᠨ ᠪᠣᠯ ᠤᠯᠤᠰ ᠤᠨ ᠬᠤᠶᠠᠳᠤᠭᠠᠷ ᠲᠡᠰ ᠤᠨ ᠰᠣᠶᠣᠯ ᠤᠨ ᠣᠷᠳᠣᠨ ᠪᠣᠯᠤᠨ᠎ᠠ᠂ ᠪᠥᠬᠦᠯᠢ ᠡᠳᠦᠷ ᠢᠶᠠᠷ ᠰᠦᠢᠳᠭᠡᠯ ᠬᠤᠷᠢᠶᠠᠬᠤ ᠦᠭᠡᠢ ᠨᠡᠭᠡᠭᠡᠵᠦ᠂ ᠤᠷᠲᠤ ᠬᠤᠭᠤᠴᠠᠭ᠎ᠠ ᠪᠠᠷ ᠴᠢᠨᠠᠷ ᠰᠠᠶᠢᠲᠠᠶ ᠦᠢᠯᠡᠴᠢᠯᠡᠭᠡ᠂ ᠲᠤᠰᠬᠠᠶ ᠮᠡᠷᠭᠡᠵᠢᠯ ᠤᠨ ᠬᠠᠪᠰᠤᠷᠤᠨ ᠵᠢᠯᠣᠭᠤᠳᠤᠯᠭ᠎ᠠ ᠪᠠ ᠬᠤᠪᠢ ᠨᠡᠮᠡᠷᠢ ᠦᠵᠡᠭᠦᠯᠬᠦ ᠪᠠᠷ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠠᠶ᠃ ᠨᠢᠳᠤᠨᠤᠨ᠂ ᠬᠠᠶᠢᠷᠤᠪ ᠤᠨ ᠲᠤᠬᠤᠢ ᠲᠤᠭᠤᠷᠢᠭ ᠤᠨ ᠰᠣᠶᠣᠯ ᠤᠨ ᠣᠷᠳᠣᠨ ᠥᠪᠡᠷᠲᠡᠭᠡᠨ ᠵᠠᠰᠠᠬᠤ ᠣᠷᠣᠨ ᠤ ︽3 · 8︾᠎ ᠶᠢᠨ ᠤᠯᠠᠭᠠᠨ ᠲᠤᠭᠴᠢ ᠬᠠᠮᠲᠤ ᠨᠡᠶᠢᠲᠡ︾᠎ ᠪᠠᠷ ᠦᠨᠡᠯᠡᠭᠳᠡᠪᠡ᠃ ᠣᠯᠠᠨ ᠵᠢᠯ ᠤᠨ ᠲᠤᠷᠰᠢ᠂ ᠬᠠᠶᠢᠷᠤᠪ ᠤᠨ ᠲᠤᠬᠤᠢ ᠲᠤᠭᠤᠷᠢᠭ ᠤᠨ ᠰᠣᠶᠣᠯ ᠤᠨ ᠣᠷᠳᠣᠨ ᠢᠮᠠᠭᠲᠠ ᠣᠯᠠᠨ ᠲᠦᠮᠡᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠪᠠᠷ ᠬᠠᠷᠠᠯᠲᠠ ᠪᠣᠯᠭᠠᠵᠤ᠂ ᠡᠯ᠎ᠡ ᠲᠥᠷᠥᠯ ᠤᠨ ᠣᠯᠠᠨ ᠲᠦᠮᠡᠨ ᠤ ᠰᠣᠶᠣᠯ ᠤᠨ ᠦᠢᠯᠡᠴᠢᠯᠡᠭᠡᠨ ᠤ ᠠᠵᠢᠯ ᠢ ᠥᠷᠭᠡᠨ ᠢᠶᠠᠷ ᠥᠷᠨᠢᠭᠦᠯᠵᠦ᠂ ︽ᠬᠠᠤᠯᠢᠵᠢᠯ ᠤᠨ ᠤᠯᠠᠭᠠᠨᠮᠥ᠋ᠴᠢᠷ︾᠎ ᠤᠨ ᠨᠠᠷᠠᠲᠤ ᠲᠡᠮᠳᠡᠭ ᠢ ᠡᠭᠦᠳᠴᠦ᠂ ︽ᠬᠤᠲᠠ ᠶᠢᠨ ᠠᠷᠠᠳ ᠤᠨ ᠰᠣᠶᠣᠯ ᠤᠷᠠᠯᠢᠭ ᠤᠨ ᠰᠤᠷᠭᠠᠭᠤᠯᠢ︾᠎ ᠶᠢ ᠡᠷᠬᠢᠯᠡᠵᠦ᠂ ᠨᠡᠶᠢᠲᠡ ᠶᠢᠨ ᠠᠰᠠᠷᠠᠮᠵᠢ ᠶᠢᠨ ᠤᠳᠬ᠎ᠠ ᠤᠷᠠᠯᠢᠭ ᠤᠨ ᠪᠣᠯᠪᠠᠰᠤᠷᠠᠯ ᠤᠨ ᠲᠥᠷᠥᠯ ᠵᠦᠢᠯ ᠢ ᠥᠷᠭᠡᠳᠬᠡᠵᠦ᠂ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠪᠡ︔ ᠴᠢᠪᠠᠭ᠎ᠠ ᠶᠢᠨ ᠰᠤᠷᠤᠯᠴᠠᠨ ᠲᠦᠭᠡᠮᠡᠯᠵᠢᠭᠦᠯᠬᠦ ᠰᠠᠭᠤᠷᠢᠨ ᠭᠠᠵᠠᠷ ᠪᠠ ᠰᠣᠳᠣᠨ ᠨᠡᠶᠢᠭᠡᠮ ᠤᠨ ᠪᠦᠯᠬᠦᠮ ᠢ ᠪᠤᠢ ᠪᠣᠯᠭᠠᠵᠤ᠂ ᠬᠠᠶᠢᠷᠤᠪ ᠤᠨ ᠲᠤᠬᠤᠢ ᠲᠤᠭᠤᠷᠢᠭ ᠤᠨ ᠣᠯᠠᠨ ᠲᠦᠮᠡᠨ ᠤ ᠰᠣᠶᠣᠯ ᠤᠨ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠪᠠᠷ ᠴᠢᠷᠮᠠᠶᠢᠭᠰᠠᠭᠠᠷ ᠢᠷᠡᠭᠰᠡᠨ ᠶᠤᠮ᠃
 
ᠢᠷᠡᠯᠲᠡ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号