ᠬᠠᠶᠢᠷᠤᠪ ᠤᠨ ᠲᠣᠬᠤᠢ ᠲᠣᠭᠤᠷᠢᠭ ᠪᠣᠳᠠᠲᠤ ᠠᠵᠢᠯᠯᠠᠭ᠎ᠠ ᠪᠠᠷ ᠢᠶᠠᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ
ᠨᠡᠶᠢᠲᠡᠯᠡᠭᠰᠡᠨ ᠴᠠᠭ᠄
2019-11-05
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠎ ᠢ ᠬᠢᠨᠠᠨ ᠵᠥᠪᠯᠡᠵᠦ ᠪᠠᠲᠤᠯᠠᠭᠠᠳ᠂ ᠬᠠᠶᠢᠷᠤᠪ ᠤᠨ ᠲᠣᠬᠤᠢ ᠲᠣᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠴᠢᠩᠭ᠎ᠠ ᠲᠤᠰᠬᠠᠯ ᠭᠠᠷᠴᠠᠶ᠃ 11 ᠰᠠᠷ᠎ᠠ ᠶᠢᠨ 1᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠬᠠᠮᠤᠭ ᠲᠡᠷᠢᠭᠦᠨ ᠳᠤ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠪᠠ᠃      ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠵᠠᠯᠭᠠᠭ᠎ᠠ ᠪᠠᠷ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠺᠠᠳ᠋ᠷ ᠣᠯᠠᠨ ᠲᠦᠮᠡᠨ ᠡᠯ᠎ᠡ ᠵᠦᠢᠯ ᠤᠨ ᠠᠷᠭ᠎ᠠ ᠬᠡᠯᠪᠡᠷᠢ ᠪᠠᠷ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠪᠥᠬᠦᠳᠡ ᠬᠤᠷᠠᠯ ᠤᠨ ᠭᠤᠤᠯ ᠠᠭᠤᠯᠭ᠎ᠠ ᠶᠢ ᠣᠶᠢᠯᠠᠭᠠᠪᠠ᠃      ᠣᠯᠠᠨ ᠢᠶᠠᠷ ᠢᠶᠠᠨ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠪᠣᠯᠤᠨ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠲᠤᠰᠬᠠᠵᠠᠢ ᠭᠡᠵᠦ ᠢᠯᠡᠳᠬᠡᠵᠡᠭᠡᠪᠡ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠷᠢᠨ ᠬᠢᠨᠠᠮᠠᠭᠠᠶ ᠰᠤᠷᠤᠯᠴᠠᠨ ᠂ ᠠᠵᠢᠯᠯᠠᠭ᠎ᠠ ᠳᠡᠭᠡᠷ᠎ᠡ ᠪᠠᠨ ᠦᠨᠡᠨᠬᠦ ᠨᠠᠶᠢᠳᠠᠪᠤᠷᠢᠵᠢᠭᠤᠯᠵᠤ᠂ ᠠᠵᠢᠯ ᠶᠢᠨ ᠳᠤᠮᠳᠠ ᠪᠠᠨ ᠲᠤᠤᠱᠯᠠᠭᠤᠯᠤᠨ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠡᠢ᠃
 
ᠢᠷᠡᠯᠲᠡ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号