[ᠤᠭ ᠪᠦᠲᠤᠭᠡᠯ ᠢ ᠤᠩᠰᠢᠵᠤ᠂ ᠤᠣᠯ ᠵᠤᠬᠢᠶᠠᠯ ᠢ ᠰᠤᠷᠤᠯᠴᠠᠵᠤ᠂ ᠤᠭ ᠶᠤᠰᠤ ᠶᠢ ᠤᠶᠢᠯᠭᠠᠬᠤ]ᠬᠠᠶᠢᠷᠤᠪ ᠤᠨ ᠲᠣᠬᠤᠢ ᠲᠣᠭᠤᠷᠢᠭ ᠤᠨ ᠰᠠᠯᠠᠭᠠᠨ ᠤ ᠲᠡᠰ ᠤᠨ ᠤᠳᠤᠷᠢᠳᠬᠤ ᠺᠠᠳ᠋ᠷ ᠢ ᠲᠤᠰᠬᠠᠢᠯᠠᠨ ᠰᠤᠷᠪᠤᠯᠵᠢᠯᠠᠪᠠ ︵ᠭᠤᠷᠪᠠ︶
ᠨᠡᠶᠢᠲᠡᠯᠡᠭᠰᠡᠨ ᠴᠠᠭ᠄
2019-11-06
     ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ     ᠱᠢ  ᠯᠸᠢ      ᠣᠳᠣᠬᠠᠨ ᠳᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠶᠠᠭ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠨ᠎ᠠ᠂ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ ᠨᠠᠮ ᠤᠨ ᠳᠦᠷᠢᠮ ᠢ ᠨᠠᠷᠢᠨ ᠬᠢᠨᠠᠮᠠᠭᠠᠶ ᠰᠤᠷᠤᠯᠴᠠᠵᠤ᠂ ᠨᠠᠮ ᠤᠨ ᠳᠦᠷᠢᠮ ᠢ ᠵᠢᠷᠤᠮᠯᠠᠵᠤ᠂ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠶᠢᠯᠡᠳᠤᠯᠭᠡᠵᠢᠭᠦᠯᠵᠤ᠂ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠡᠨᠡᠬᠦ ᠶᠡᠷᠦᠩᠬᠡᠶ ᠱᠠᠭᠠᠷᠳᠠᠯᠭ᠎ᠠ ᠶᠢ ᠪᠠᠷᠢᠮᠲᠠᠯᠠᠵᠤ᠂ ᠤᠯᠤᠰ ᠲᠥᠷᠦ ᠶᠢᠨ ᠰᠠᠬᠢᠯᠭ᠎ᠠ ᠪᠠᠲᠤ᠂ ᠤᠯᠤᠰ ᠲᠥᠷᠦ ᠶᠢᠨ ᠶᠣᠰᠣ ᠳᠦᠷᠢᠮ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠶ᠃      ᠪᠢᠨ ᠾᠧ ᠵᠡᠭᠡᠯᠢ ᠭᠤᠳᠤᠮᠵᠢ ᠨᠢ ᠪᠦᠬᠦ ᠬᠤᠲᠠ ᠶᠢᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠤᠲᠠ ᠶᠢᠨ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠬᠥᠳᠡᠯᠦᠨ ᠳᠠᠭᠠᠭᠤᠯᠬᠤ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ᠂ ︽4 + 2 + 1︾᠎ ᠶᠢᠨ ᠵᠠᠭᠪᠤᠷ ᠶᠣᠰᠣᠭᠠᠷ᠂ ᠳᠣᠲᠣᠭᠠᠳᠤ ᠪᠠᠶᠢᠭᠤᠯᠤᠮᠵᠢ ᠶᠢ ᠰᠢᠯᠢᠳᠡᠭᠵᠢᠭᠦᠯᠵᠦ᠂ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢ ᠲᠣᠭᠲᠠᠪᠤᠷᠢᠵᠢᠭᠤᠯᠵᠤ᠂ ᠵᠡᠭᠡᠯᠢ ᠭᠤᠳᠤᠮᠵᠢ ᠳᠤ ᠡᠷᠬᠡ ᠣᠯᠭᠤᠵᠤ᠂ ᠬᠠᠤᠯᠢ ᠬᠡᠷᠡᠭᠵᠢᠭᠦᠯᠬᠦ ᠬᠦᠴᠦᠨ ᠤᠯᠭᠤᠵᠤ᠂ ᠤᠭ ᠰᠠᠨᠠᠭ᠎ᠠ ᠨᠠᠮ ᠤᠨ ᠪᠠᠶᠢᠭᠤᠯᠤᠯᠲᠠ᠂ ᠭᠤᠳᠤᠮᠵᠢᠨ ᠤ ᠲᠥᠪ ᠤᠨ ᠨᠠᠮ ᠤᠨ ᠪᠠᠶᠢᠭᠤᠯᠤᠯᠲᠠ᠂ ᠠᠷᠠᠳ ᠲᠤ ᠠᠰᠢᠭ ᠬᠦᠷᠲᠡᠭᠡᠬᠦ ᠨᠠᠮ ᠤᠨ ᠪᠠᠶᠢᠭᠤᠯᠤᠯᠲᠠ ᠵᠡᠷᠭᠡ ︽ᠨᠢᠭᠡ ᠲᠥᠷᠥᠯ ᠨᠢᠭᠡ ᠨᠡᠷᠡᠳᠤ ᠲᠡᠮᠲᠡᠭ ᠨᠢᠭᠡ ᠣᠨᠴᠠᠯᠢᠭ ᠲᠠᠢ︾ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ︽ᠨᠠᠢᠮᠠᠨ ᠬᠤᠯᠪᠣᠭ᠎ᠠ ᠨᠠᠢᠮᠠᠨ ᠪᠠᠶᠢᠭᠤᠯᠤᠯᠲᠠ︾᠎ ᠶᠢᠨ ᠬᠤᠲᠠ ᠶᠢ ᠠᠭᠤᠰᠤᠯᠴᠠᠭᠤᠯᠬᠤ ᠨᠠᠮ ᠤᠨ ᠪᠠᠶᠢᠭᠤᠯᠤᠯᠲᠠ ᠶᠢᠨ ᠠᠵᠢᠯ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠨ ᠤᠶᠢᠯᠡᠳᠤᠯᠭᠡᠵᠢᠭᠦᠯᠪᠡ᠃ ᠬᠤᠲᠠ ᠶᠢᠨ ᠠᠭᠤᠰᠤᠯᠴᠠᠭᠰᠠᠨ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠶᠢᠯᠡᠳᠤᠯᠭᠡᠵᠢᠭᠦᠯᠵᠤ᠂ ᠨᠠᠮ ᠤᠨ ᠪᠠᠶᠢᠭᠤᠯᠤᠯᠲᠠ ᠶᠢᠨ ᠬᠥᠳᠡᠯᠦᠨ ᠳᠠᠭᠠᠭᠤᠯᠬᠤ ᠶᠢ ᠳᠣᠪᠤᠶᠢᠯᠭᠠᠵᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠬᠤᠲᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠵᠤ᠂ ᠨᠡᠶᠢᠭᠡᠮ ᠲᠣᠭᠤᠷᠢᠭ ᠤᠨ ᠤᠶᠢᠯᠡᠴᠢᠯᠡᠭᠡ ᠶᠢ ᠨᠠᠷᠢᠯᠢᠭᠵᠢᠭᠤᠯᠬᠤ ᠶᠢ ᠠᠬᠢᠭᠤᠯᠪᠠ᠃      ᠬᠠᠶᠢᠷᠤᠪ ᠤᠨ ᠲᠣᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ   ᠯᠢᠦ ᠯᠢ ᠬᠤᠸᠠ      ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠨᠠᠮ ᠤᠨ ᠭᠡᠰᠢᠭᠦᠨ ᠺᠠᠳ᠋ᠷ ᠢ ᠵᠡᠪᠰᠡᠭᠯᠡᠬᠦ ᠲᠤᠯᠭᠠᠮ᠎ᠠ ᠱᠠᠭᠠᠷᠳᠠᠯᠭ᠎ᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠲᠤᠯᠭᠠᠮ᠎ᠠ ᠱᠠᠭᠠᠷᠳᠠᠯᠭ᠎ᠠ ᠮᠥᠨ᠂ ᠨᠠᠮ ᠣᠯᠠᠨ ᠲᠦᠮᠡᠨ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠲᠤᠯᠭᠠᠮ᠎ᠠ ᠱᠠᠭᠠᠷᠳᠠᠯᠭ᠎ᠠ ᠮᠥᠨ᠂ ᠦᠨᠳᠦᠰᠦᠨ ᠱᠠᠲᠤᠨ ᠤ ᠠᠵᠢᠯ ᠢ ᠰᠠᠶᠢᠵᠢᠷᠠᠭᠤᠯᠬᠤ ᠲᠤᠯᠭᠠᠮ᠎ᠠ ᠱᠠᠭᠠᠷᠳᠠᠯᠭ᠎ᠠ ᠮᠥᠨ᠃      ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠯᠭᠡᠬᠦ ᠬᠦᠴᠦᠨ ᠪᠣᠯᠤᠨ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠤᠶᠢᠯᠡᠰ ᠪᠣᠰᠬᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠬᠠᠯᠠᠭᠤᠨ ᠰᠡᠳᠬᠢᠯᠭᠡ ᠶᠢ ᠭᠦᠢᠴᠠᠤᠡ ᠬᠥᠭᠵᠢᠭᠡᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠤᠳᠤᠷᠢᠳᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠤᠯᠴᠠᠵᠤ ᠬᠤᠷᠠᠮᠳᠤᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠲᠦᠮᠡᠨ ᠳᠤ ᠤᠶᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠣᠯᠠᠨ ᠲᠦᠮᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠶ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠡᠷᠦᠩᠬᠡᠶ ᠱᠠᠭᠠᠷᠳᠠᠯᠭ᠎ᠠ ᠶᠢ ᠲᠤᠣᠱᠯᠠᠭᠤᠯᠵᠠᠢ᠂ ᠨᠠᠩ ᠴᠤ ᠨᠢᠭᠡ ᠰᠡᠳᠬᠢᠯ ᠪᠦᠬᠦ ᠵᠣᠷᠢᠭ ᠢᠶᠠᠷ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠤᠡ ᠵᠢᠳᠬᠦᠯ ᠴᠢᠷᠮᠠᠶᠢᠯᠭ᠎ᠠ ᠭᠠᠷᠭᠠᠵᠤ᠂ ᠦᠢᠯᠡ ᠠᠵᠢᠯᠯᠠᠭ᠎ᠠ ᠪᠠᠨ ᠪᠦᠬᠦ ᠬᠦᠴᠦᠨ ᠢᠶᠠᠷ ᠢᠶᠠᠨ ᠵᠢᠷᠤᠮᠵᠢᠭᠤᠯᠵᠤ᠂ ᠣᠯᠠᠨ ᠲᠦᠮᠡᠨ ᠤ ᠰᠡᠳᠬᠢᠯ ᠵᠣᠪᠠᠨᠢᠬᠤ ᠶᠠᠪᠤᠳᠠᠯ ᠢ ᠬᠦᠴᠦᠯᠡᠨ ᠰᠢᠢᠤᠡᠪᠤᠷᠢᠯᠡᠵᠤ᠂ ᠰᠤᠷᠤᠯᠴᠠᠨ ᠰᠡᠳᠬᠢᠵᠦ ᠤᠶᠢᠯᠡᠳᠤᠯᠭᠡᠵᠢᠭᠦᠯᠤᠨ ᠡᠵᠡᠮᠰᠢᠬᠦ ᠳᠤᠮᠳᠠ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ︾᠂ ︽ᠬᠡᠨ ᠤ ᠲᠥᠯᠥᠭᠡ᠂ ᠬᠡᠨ ᠢ ᠲᠦᠰᠢᠭᠯᠡᠬᠦ ᠪᠣᠶ᠂ ᠪᠢ ᠬᠡᠨ ᠪᠣᠶ︾ ᠭᠡᠬᠦ ᠦᠷᠭᠦᠯᠵᠢ ᠪᠢᠴᠢᠵᠦ ᠪᠠᠶᠢᠩᠭᠤ ᠰᠢᠨ᠎ᠡ‌‍ᠴᠠᠭ ᠦᠶ᠎ᠡ ᠶᠢᠨ ᠬᠠᠭᠤᠳᠠᠰᠤ  ᠶᠢ ᠨᠠᠩ ᠯᠠᠪᠳᠠᠭᠤᠨ ᠪᠠᠲᠤᠲᠠᠶ᠂ ᠨᠠᠩ‌ᠭᠤᠶᠢᠲᠠ ᠰᠠᠶᠢᠬᠠᠨ ᠪᠢᠴᠢᠭᠯᠡᠪᠡ᠃      ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ᠂ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠤᠨ ᠱᠦᠵᠢ    ᠰᠢᠩ ᠵᠧᠨ ᠬᠤᠩ      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠶᠠᠭ ᠰᠠᠶᠢᠬᠠᠨ ᠶᠠᠪᠤᠭᠳᠠᠵᠤ ᠪᠣᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠎ ᠤ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠠᠷᠤᠶ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠂ ᠡᠨᠡ ᠪᠣᠯ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠶᠢᠨ ᠡᠮᠦᠨᠡᠬᠢ ᠨᠢ ᠤᠨᠠᠲᠠᠯ᠎ᠠ ᠬᠤᠶᠢᠨᠠᠬᠢ ᠨᠢ ᠵᠠᠯᠭᠠᠮᠵᠢᠯᠠᠵᠤ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ ᠶᠢ ᠵᠣᠷᠢᠭᠵᠢᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ᠃ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ︽ᠬᠥᠮᠦᠨ ᠢ ᠬᠥᠮᠦᠵᠢᠭᠦᠯᠬᠦ︾ ᠤᠭ ᠰᠠᠨᠠᠭ᠎ᠠ ᠪᠠᠨ ᠪᠠᠶᠢᠩᠭᠤ ᠪᠠᠷᠢᠮᠲᠠᠯᠠᠵᠤ ᠪᠠᠶᠢᠩᠭᠤ ᠤᠶᠢᠯᠡᠳᠤᠯᠭᠡᠵᠢᠭᠦᠯᠬᠦ ᠬᠡᠷᠡᠭᠲᠡᠶ᠃    ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ ᠪᠠᠨ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠤᠶᠢᠯᠭᠠᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠪᠣᠯ ᠳᠠᠷᠤᠶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ  ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠣᠱᠯᠠᠭᠤᠯᠤᠨ᠂ ᠨᠠᠮ ᠤᠨ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠲᠤᠣᠱᠯᠠᠭᠤᠯᠤᠨ᠂ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠠᠷᠠᠳ ᠤᠨ ᠲᠥᠯᠥᠭᠡ ᠤᠶᠢᠯᠡᠴᠢᠯᠡᠬᠦ ᠰᠤᠷᠭᠠᠨ ᠬᠥᠮᠦᠵᠢᠯ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠶ‌ᠤᠶᠢᠯᠡᠳᠤᠯᠭᠡᠵᠢᠭᠦᠯᠬᠦ  ᠶᠠᠪᠤᠳᠠᠯ ᠪᠣᠯᠤᠨ᠎ᠠ᠃    ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠬᠡᠵᠢᠶᠡᠳᠡ ᠡᠪᠦᠷᠯᠡᠵᠦ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ ᠤᠭ ᠰᠠᠨᠠᠭ᠎ᠠ ᠪᠠᠨ ᠪᠠᠷᠢᠮᠲᠠᠯᠠᠨ᠎ᠠ᠃ ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠰᠤᠷᠤᠭᠴᠢᠳ ᠢ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠭᠠᠨ ᠬᠥᠮᠦᠵᠢᠭᠦᠯᠦᠨ᠎ᠡ᠃ ᠰᠤᠷᠭᠠᠭᠤᠯᠢ ᠪᠠ ᠪᠠᠭᠰᠢ ᠨᠠᠷ ᠲᠤ ᠤᠶᠢᠯᠡᠴᠢᠯᠡᠬᠦ ᠵᠠᠷᠴᠢᠮ ᠢᠶᠠᠷ ᠰᠤᠷᠭᠠᠨ ᠬᠥᠮᠦᠵᠢᠯ ᠵᠢᠭᠠᠨ ᠰᠤᠷᠭᠠᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠪᠠᠭᠰᠢ ᠨᠠᠷ ᠤᠨ ᠬᠠᠷᠠᠭᠠᠯᠵᠠᠯ ᠢ ᠳᠡᠭᠡᠭᠰᠢᠯᠡᠭᠦᠯᠬᠦ ᠬᠡᠷᠡᠭᠲᠡᠶ᠃ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ‌‍ᠪᠠᠭᠰᠢ ᠶᠢᠨ ᠶᠣᠰᠣ ᠮᠣᠷᠠᠯ ᠪᠠᠭᠰᠢ ᠶᠢᠨ ᠰᠤᠷᠲᠠᠯ ᠢ ᠴᠠᠭ ᠢᠮᠠᠭᠲᠠ ᠠᠩᠬᠠᠷᠴᠤ᠂ ᠪᠠᠭᠰᠢ ᠶᠢᠨ ᠶᠣᠰᠣ ᠮᠣᠷᠠᠯ ᠪᠠᠭᠰᠢ ᠶᠢᠨ ᠰᠤᠷᠲᠠᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠠᠭᠰᠢ ᠨᠠᠷ ᠢ ᠬᠥᠳᠡᠯᠦᠨ ᠳᠠᠭᠠᠭᠤᠯᠵᠤ ᠦᠯᠢᠭᠡᠷ ᠳᠠᠭᠤᠷᠢᠶᠠᠯ ᠦᠵᠡᠭᠦᠯᠵᠦ᠂ ᠵᠢᠭᠠᠨ ᠰᠤᠷᠭᠠᠯᠲᠠ ᠶᠢᠨ ᠵᠤᠷᠰᠢᠯ ᠢ ᠵᠢᠷᠤᠮᠵᠢᠭᠤᠯᠵᠤ᠂ ᠬᠢᠴᠢᠶᠡᠯ ᠪᠣᠯᠭᠠᠨ ᠢ ᠰᠠᠶᠢᠲᠤᠷ ᠤᠷᠤᠬᠤ  ᠬᠡᠷᠡᠭᠲᠡᠶ᠃    ᠪᠣᠳᠠᠲᠠᠶ ᠠᠵᠢᠯᠯᠠᠬᠤ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠤᠭ ᠰᠠᠨᠠᠭ᠎ᠠ ᠪᠠᠨ ᠤᠶᠢᠯᠡᠳᠤᠯᠭᠡᠵᠢᠭᠦᠯᠤᠨ᠎ᠡ᠃ ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠤᠯᠤᠰ ᠣᠷᠣᠨ ᠤ ᠬᠥᠭᠵᠢᠯᠲᠡ ᠳᠤ ᠬᠤᠯᠪᠣᠭᠳᠠᠵᠤ᠂ ᠦᠨᠳᠦᠰᠦᠲᠡᠨ ᠤ ᠢᠷᠡᠭᠡᠳᠦᠢ ᠳᠤ ᠬᠤᠯᠪᠣᠭᠳᠠᠵᠤ ᠪᠠᠶᠢᠳᠠᠭ᠃ ᠪᠢᠳᠡ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠦᠨᠡᠯᠡᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯ ᠵᠥᠷᠢᠴᠡᠯ ᠢ ᠠᠳᠬᠤᠬᠤ ᠬᠡᠷᠡᠭᠲᠡᠶ᠃ ᠬᠡᠪ ᠴᠢᠨᠠᠷ ᠤᠨ ᠰᠤᠷᠭᠠᠨ ᠬᠥᠮᠦᠵᠢᠯ ᠢ ᠭᠦᠨᠵᠡᠭᠡᠶ ᠬᠡᠷᠡᠭᠵᠢᠭᠦᠯᠵᠦ᠂ ᠬᠡᠤᠬᠡᠳ ᠤᠨ ᠴᠡᠴᠡᠷᠯᠢᠭ ᠲᠤ ᠣᠷᠣᠬᠤ ᠳᠤ ᠬᠦᠴᠢᠷᠲᠡᠶ᠂ ᠰᠤᠷᠭᠠᠭᠤᠯᠢ ᠰᠣᠩᠭᠤᠬᠤ ᠬᠠᠯᠠᠮᠰᠢᠯ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠢ ᠬᠢᠨᠠᠮᠠᠭᠠᠶ ᠰᠤᠳᠤᠯᠤᠨ ᠰᠢᠢᠤᠡᠪᠤᠷᠢᠯᠡᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃     ᠬᠠᠶᠢᠷᠤᠪ ᠤᠨ ᠲᠣᠬᠤᠢ ᠲᠣᠭᠤᠷᠢᠭ ᠤᠨ ᠠᠵᠤ ᠤᠶᠢᠯᠡᠤᠡᠪᠤᠷᠢ ᠮᠡᠳᠡᠭᠡ ᠵᠠᠩᠭᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠵᠦ ᠯᠢ ᠬᠤᠸᠠ     ᠡᠨᠡ ᠵᠢᠯ ᠤᠨ 6 ᠰᠠᠷ᠎ᠠ ᠠᠴᠠ ᠨᠠᠰᠢ᠂ ᠪᠦᠬᠦ ᠨᠠᠮ ᠢᠶᠠᠷ ᠢᠶᠠᠨ ᠬᠤᠶᠠᠷ ᠪᠦᠯᠦᠭ ᠬᠤᠪᠢᠶᠠᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠪᠡ᠃ ᠰᠢᠰᠲ᠋ᠧᠮ ᠲᠠᠢ ᠰᠤᠷᠤᠯᠴᠠᠯᠭ᠎ᠠ ᠪᠠᠷ ᠳᠠᠮᠵᠢᠨ᠂ ᠪᠢ ᠤᠯᠠᠮ ᠨᠢᠭᠡ ᠠᠯᠬᠤᠮ ᠪᠣᠳᠣᠵᠤ ᠰᠡᠬᠡᠭᠡᠷᠡᠪᠡ᠃     ᠨᠢᠭᠡ ᠳᠤ ᠣᠨᠣᠯ ᠤᠨ ᠰᠤᠷᠤᠯᠴᠠᠯᠭ᠎ᠠ ᠨᠢ ᠣᠯᠤᠯᠲᠠ ᠲᠠᠢ ᠪᠠᠶᠢᠵᠤ᠂ ᠦᠵᠡᠯ ᠰᠠᠨᠠᠭ᠎ᠠ ᠤᠯᠤᠰ ᠲᠥᠷᠥ ᠨᠢ ᠤᠬᠢᠶᠠᠯ ᠬᠦᠷᠲᠡᠵᠦ ᠪᠠᠶᠢᠨ᠎ᠠ᠃ ᠰᠤᠷᠤᠯᠴᠠᠯᠭ᠎ᠠ ᠶᠢᠨ ᠳᠤᠮᠳᠠ᠂ ᠪᠢ ᠭᠤᠤᠯ ᠰᠡᠳᠦᠪᠲᠦ ᠬᠥᠮᠦᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠥᠪᠯᠡᠷᠡᠭᠦᠯᠦᠨ ᠰᠤᠷᠤᠯᠴᠠᠬᠤ ᠪᠠ ᠬᠤᠪᠢ ᠬᠥᠮᠦᠨ ᠪᠠᠷ ᠰᠤᠷᠤᠯᠴᠠᠬᠤ ᠭᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠯᠪᠣᠭᠳᠠᠯ ᠪᠦᠬᠦᠢ ᠥᠭᠦᠯᠡᠯᠲᠡ ᠶᠢ ᠰᠣᠩᠭᠤᠨ ᠨᠠᠶᠢᠷᠠᠭᠤᠯᠬᠤ᠂ ᠰᠤᠷᠤᠯᠴᠠᠬᠤ ᠬᠥᠲᠥᠯᠪᠦᠷᠢ ᠶᠢ ᠳᠠᠬᠢᠨᠲᠠ ᠰᠤᠷᠤᠯᠴᠠᠵᠤ᠂ ᠨᠡᠶᠢᠳᠡᠮ ᠤᠩᠰᠢᠵᠤ ᠨᠠᠷᠢᠨ ᠤᠩᠰᠢᠬᠤ ᠶᠢ ᠪᠠᠷᠢᠮᠲᠠᠯᠠᠵᠤ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ ᠤᠶᠢᠯᠡᠳᠤᠯᠭᠡ ᠶᠢᠨ ᠤᠬᠠᠭᠠᠨ ᠳᠤ ᠰᠠᠭᠤᠷᠢᠯᠠᠵᠤ᠂ ᠤᠤᠯ ᠤᠨ ᠰᠠᠭᠤᠷᠢᠨ ᠳᠡᠭᠡᠷ᠎ᠡ ᠰᠢᠨ᠎ᠡ ᠳᠠᠪᠰᠢᠯᠲᠠ ᠲᠠᠢ ᠪᠣᠯᠪᠠ᠃ ᠡᠭᠦᠨ ᠤ ᠳᠤ ᠬᠠᠮᠲᠤ᠂ ᠮᠠᠨ ᠤ ᠲᠣᠪᠴᠢᠶ᠎ᠠ ᠶᠢᠨ ᠪᠦᠬᠦ ᠨᠠᠮ ᠤᠨ ᠭᠡᠰᠢᠭᠦᠨ ᠢ ᠳᠠᠭᠠᠭᠤᠯᠤᠨ ᠠᠯᠢ ᠣᠯᠠᠨ ᠭᠤᠤᠯ ᠰᠡᠳᠦᠪᠲᠦ ᠬᠥᠮᠦᠵᠢᠯ ᠰᠤᠷᠤᠯᠴᠠᠯᠭ᠎ᠠ᠂ ᠤᠶᠢᠯᠡᠳᠤᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠣᠨᠣᠯ ᠢᠶᠠᠷ ᠵᠡᠪᠰᠡᠭᠯᠡᠬᠦ ᠶᠢ ᠤᠯᠠᠮ ᠴᠢᠨᠠᠭᠰᠢᠳᠠ ᠴᠢᠩᠭᠠᠳᠬᠠᠵᠤ᠂ ︽ᠳᠥᠷᠪᠡᠨ ᠤᠬᠠᠮᠰᠠᠷ︾᠎ ᠢ ᠴᠢᠩᠭᠠᠳᠬᠠᠵᠤ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠡ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠤ  ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃      ᠬᠤᠶᠠᠷ ᠲᠤ᠂ ᠠᠵᠢᠯ ᠬᠢᠵᠦ ᠤᠶᠢᠯᠡᠰ ᠪᠣᠰᠬᠠᠬᠤ ᠵᠣᠷᠢᠭᠲᠠᠶ ᠪᠠᠷ ᠬᠠᠷᠢᠭᠤᠴᠠᠯᠭ᠎ᠠ‌ᠡᠭᠦᠷᠭᠡᠯᠡᠵᠦ᠂ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠤᠡᠪᠤᠷᠢᠯᠡᠨ᠎ᠡ᠃ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠰᠢᠭᠤᠳ ᠬᠠᠨᠳᠤᠵᠤ᠂ ᠣᠯᠠᠨ ᠲᠦᠮᠡᠨ ᠳᠤ ᠦᠢᠯᠡᠴᠢᠯᠡᠵᠦ᠂ ᠪᠢᠳᠡ ᠨᠠᠩ ᠴᠤ ᠣᠯᠠᠨ ᠲᠦᠮᠡᠨᠴᠢ ᠦᠵᠡᠯᠲᠡ᠂ ᠣᠯᠠᠨ ᠲᠦᠮᠡᠨ ᠤ ᠵᠣᠭᠰᠣᠯᠲᠠ᠂ ᠣᠯᠠᠨ ᠲᠦᠮᠡᠨ ᠤ ᠬᠠᠶᠢᠷ᠎ᠠ ᠰᠡᠳᠬᠢᠯᠭᠡ᠂ ᠣᠯᠠᠨ ᠲᠦᠮᠡᠨ ᠳᠤ ᠤᠶᠢᠯᠡᠴᠢᠯᠡᠬᠦ ᠲᠠᠯ᠎ᠠ ᠪᠠᠷ ᠵᠥᠷᠢᠶ᠎ᠡ ᠪᠠᠨ ᠡᠷᠢᠵᠦ᠂ ︽ᠤᠭ ᠰᠠᠨᠠᠭ᠎ᠠ︾ ᠪᠣᠯᠤᠨ︽ᠡᠭᠦᠷᠭᠡ ᠬᠠᠷᠢᠭᠤᠴᠠᠯᠭ᠎ᠠ︾᠎ ᠶᠢ ᠪᠠᠲᠤ ᠴᠡᠭᠡᠵᠢᠯᠡᠬᠦ ᠬᠡᠷᠡᠭᠲᠡᠶ᠃ ᠮᠠᠨ ᠤ ᠲᠣᠪᠴᠢᠶ᠎ᠠ ᠪᠠᠷ ᠠᠪᠴᠤ ᠬᠡᠯᠡᠪᠡᠯ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠶᠢᠨ ᠰᠤᠷᠲᠠᠯ ᠪᠠ ᠪᠠᠶᠢᠳᠠᠯ ᠢᠯᠡᠳᠲᠡ ᠬᠤᠪᠢᠷᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠤᠶᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠨᠢ ᠠᠵᠤ ᠠᠬᠤᠶᠢᠯᠠᠯ ᠪᠠ ᠦᠨᠳᠦᠰᠦᠨ ᠱᠠᠲᠤᠨ ᠳᠤ ᠮᠡᠳᠡᠷᠡᠭᠳᠡᠭᠰᠡᠨ‌‍ᠪᠠᠶᠢᠨ᠎ᠠ᠃      ᠬᠤᠶᠢᠰᠢᠳᠠ᠂ ᠪᠢ ᠬᠤᠪᠢ ᠬᠥᠮᠦᠨ ᠵᠢᠴᠢ ᠮᠠᠨ ᠤ ᠲᠣᠪᠴᠢᠶ᠎ᠠ ᠦᠷᠭᠦᠯᠵᠢᠯᠡᠨ ᠳᠡᠭᠡᠳᠤ ᠬᠡᠮᠵᠢᠶᠡᠨ ᠤ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠯᠠᠪᠳᠠᠭᠤᠨ ᠪᠠᠲᠤᠲᠠᠶ ᠠᠵᠢᠯ ᠶᠢᠨ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠵᠤ ᠰᠠᠶᠢᠲᠤᠷ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠪᠣᠯᠤᠨ᠎ᠠ᠃      ᠬᠠᠶᠢᠷᠤᠪ ᠤᠨ ᠲᠣᠬᠤᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ       ᠨᠢᠶᠧ ᠭᠦᠸᠧ ᠴᠢᠩ      ᠠᠵᠢᠯᠯᠠᠬᠤ ᠴᠠᠭ ᠨᠢ ᠤᠷᠳᠤ᠂ ᠡᠳᠦᠷ ᠢᠷᠡᠬᠦᠶ᠎ᠡ ᠡᠯ᠎ᠡ ᠵᠤᠶᠢᠯ ᠤᠨ ᠡᠭᠡᠳᠡᠷᠡᠭᠡᠨ ᠪᠤᠳᠤᠯᠢᠶᠠᠨᠲᠠᠶ ᠲᠤᠬᠠᠶᠢᠯᠠᠭᠰᠠᠨ‌ᠠᠵᠢᠯ ᠳᠠᠭᠠᠨ ᠶᠠᠭᠠᠷᠠᠵᠤ᠂ ᠥᠪᠡᠷ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠣᠳᠣᠯᠬᠢᠯᠠᠳᠠᠭ ᠨᠢ ᠲᠤᠩ ᠴᠥᠭᠡᠨ‌‍ᠪᠠᠶᠢᠳᠠᠭ᠃      ᠤᠭ ᠰᠠᠨᠠᠭ᠎ᠠ ᠪᠣᠯ ᠳᠠᠷᠤᠶ ᠬᠠᠶᠢᠷ᠎ᠠ ᠰᠡᠳᠬᠢᠯᠭᠡ ᠮᠥᠨ᠂ ᠡᠭᠦᠷᠭᠡ ᠬᠠᠷᠢᠭᠤᠴᠠᠯᠭ᠎ᠠ ᠪᠣᠯ ᠳᠠᠷᠤᠶ ᠡᠭᠦᠷᠭᠡᠯᠡᠯ ᠮᠥᠨ᠃ ᠨᠠᠮ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠮᠠᠨ ᠤ ᠬᠠᠶᠢᠷ᠎ᠠ ᠰᠡᠳᠬᠢᠯᠭᠡ ᠶᠢᠨ ᠦᠨᠳᠦᠰᠦ ᠮᠥᠨ᠂ ᠮᠠᠨ ᠤ ᠡᠭᠦᠰᠦᠯᠲᠡ ᠮᠥᠨ᠂ ᠪᠠᠰᠠ ᠴᠤ ᠪᠢᠳᠡᠨ ᠤ ᠦᠷ᠎ᠡ ᠳ᠋ᠦᠩ ᠮᠥᠨ᠃ ᠪᠢᠳᠡ ᠪᠠᠷᠠᠭᠤᠨ ᠨᠢᠳᠤᠷᠭ᠎ᠠ ᠪᠠᠨ ᠡᠷᠭᠦᠵᠦ᠂ ᠨᠠᠮ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠬᠤ ᠦᠶ᠎ᠡ ᠳᠤ᠂ ᠨᠠᠮ ᠳᠤ ᠣᠷᠣᠬᠤ ᠲᠠᠩᠭᠠᠷᠢᠭ ᠤᠨ ᠦᠭᠡ ᠪᠣᠯ ᠳᠠᠷᠤᠶ ᠪᠢᠳᠡᠨ ᠤ ᠤᠭ ᠰᠠᠨᠠᠭ᠎ᠠ ᠪᠣᠯᠤᠨ᠎ᠠ︔ ᠪᠢᠳᠡ ᠤᠯᠤᠰ ᠤᠨ ᠲᠤᠭ ᠤᠨ ᠡᠮᠦᠨ᠎ᠡ ᠰᠢᠷᠲᠡᠬᠦ ᠶᠣᠰᠣᠯᠠᠯ ᠶᠠᠪᠤᠭᠤᠯᠬᠤ ᠦᠶ᠎ᠡ ᠳᠤ᠂ ᠦᠨᠳᠦᠰᠦᠲᠡᠨ ᠤ ᠰᠡᠷᠭᠦᠨ ᠮᠠᠨᠳᠤᠯᠲᠠ ᠪᠣᠯ ᠳᠠᠷᠤᠶ ᠮᠠᠨ ᠤ ᠡᠭᠦᠷᠭᠡ ᠬᠠᠷᠢᠭᠤᠴᠠᠯᠭ᠎ᠠ ᠮᠥᠨ᠃     ︽ᠳᠠᠩᠰᠠ ᠪᠣᠯᠭᠠᠨ ᠢ ᠰᠠᠶᠢᠲᠤᠷ ᠪᠣᠳᠣᠵᠤ᠂ ᠡᠳ᠋ ᠮᠥᠩᠭᠦ ᠨᠢᠭᠡᠪᠦᠷᠢ ᠶᠢ ᠰᠠᠶᠢᠲᠤᠷ ᠲᠢᠭᠯᠡᠬᠦ︾ ᠪᠣᠯ ᠪᠣᠶ ᠪᠦᠬᠦᠢ ᠡᠳ᠋ ᠤᠨ ᠵᠠᠰᠠᠭ ᠤᠨ ᠬᠥᠮᠦᠰ ᠤᠨ ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠃ ᠭᠠᠭᠴᠠᠭᠠᠷᠳᠠᠮᠠᠯ ᠳ᠋ᠧᠩ ᠰᠥᠨᠢ ᠳᠦᠯᠢ ᠪᠣᠯᠬᠤ ᠦᠶ᠎ᠡ ᠳᠤ᠂ ᠤᠴᠢᠷ ᠶᠠᠪᠤᠳᠠᠯ ᠶᠡᠭᠡ ᠪᠠᠭ᠎ᠠ ᠭᠡᠵᠦ ᠦᠭᠡᠢ᠂ ᠨᠠᠷᠢᠨ ᠨᠢᠮᠪᠠᠶ ᠳᠠᠩᠰᠠ ᠬᠠᠷ᠎ᠠ ᠪᠠᠨ ᠬᠠᠷᠭᠤᠭᠤᠯᠬᠤ ᠦᠶ᠎ᠡ ᠳᠤ᠂ ᠶᠠᠭ ᠡᠨᠡ ᠬᠦ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠨᠢ ᠪᠢᠳᠡᠨ ᠤ ᠲᠠᠰᠤᠷᠠᠯᠲᠠ ᠦᠭᠡᠢ ᠴᠢᠷᠮᠠᠶᠢᠯᠭ᠎ᠠ ᠶᠢ ᠲᠤᠯᠭᠠᠭᠤᠷᠢᠯᠠᠵᠤ ᠪᠠᠶᠢᠳᠠᠭ᠃     ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ︽ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠰᠢᠯᠵᠢᠭᠦᠯᠦᠨ ᠥᠭᠬᠦ ᠶᠠᠪᠤᠴᠠ ᠶᠢ ᠳᠥᠭᠦᠮᠴᠢᠯᠡᠬᠦ ᠠᠴᠠ ᠭᠠᠷᠳᠠᠵᠤ᠂ ᠠᠷᠠᠳ ᠤᠨ ᠲᠥᠯᠥᠭᠡ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾᠎ ᠤ ᠢᠯᠠᠯᠲᠠ ᠶᠢ ᠣᠯᠬᠤ ᠪᠠᠷ ᠭᠤᠣᠯᠳᠠᠯᠭ᠎ᠠ ᠪᠣᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠤᠨ ᠬᠠᠷᠠᠯᠲᠠ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠤᠨ᠎ᠠ᠃      ︽ᠠᠯᠢᠪᠠ ᠪᠦᠬᠦᠨ ᠤᠷᠤᠭᠰᠢ ᠳᠠᠪᠰᠢᠬᠤ ᠳᠤ᠂ ᠶᠠᠪᠤᠵᠤ ᠥᠩᠭᠡᠷᠡᠭᠰᠡᠨ ᠵᠠᠮ ᠢᠶᠠᠨ ᠮᠠᠷᠲᠠᠵᠤ ᠪᠣᠯᠬᠤ ᠦᠭᠡᠢ︔ ᠬᠡᠳᠦᠶ ᠬᠤᠯᠠ ᠶᠠᠪᠤᠵᠤ᠂ ᠭᠡᠷᠡᠯ ᠰᠠᠴᠤᠷᠠᠩᠭᠤᠶ ᠢᠷᠡᠭᠡᠳᠦᠢ ᠳᠤ ᠬᠦᠷᠦᠭᠰᠡᠨ ᠴᠦ ᠶᠠᠪᠤᠵᠤ ᠥᠩᠭᠡᠷᠡᠭᠰᠡᠨ ᠥᠩᠭᠡᠷᠡᠭᠰᠡᠨ ᠢᠶᠠᠨ ᠮᠠᠷᠲᠠᠵᠤ ᠪᠣᠯᠬᠤ ᠦᠭᠡᠢ᠂ ᠶᠠᠭᠤᠨ ᠳᠤ ᠮᠣᠷᠳᠠᠭᠰᠠᠨ ᠢᠶᠠᠨ ᠮᠠᠷᠲᠠᠵᠤ ᠪᠣᠯᠬᠤ ᠦᠭᠡᠢ︾᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠠᠵᠢᠯ ᠶᠢᠨ ᠵᠤᠶᠢᠯ ᠪᠣᠯᠭᠠᠨ ᠳᠤ ᠠᠭᠤᠰᠤᠯᠴᠠᠭᠤᠯᠵᠤ᠂ ᠠᠷᠠᠳ ᠲᠦᠮᠡᠨ ᠳᠤ ᠵᠣᠯ ᠵᠢᠷᠭᠠᠯ ᠣᠯᠭᠤᠬᠤ ᠶᠢᠨ ᠳᠤᠮᠳᠠ ᠠᠭᠤᠰᠤᠯᠴᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠃      ᠶᠡᠷᠦᠩᠬᠡᠶ ᠱᠦᠵᠢ ᠰᠢ ᠶᠢᠨ ᠫᠢᠩ ︽ᠤᠭ ᠰᠠᠨᠠᠭ᠎ᠠ ᠪᠠᠨ ᠦᠯᠦ ᠮᠠᠷᠲᠠᠪᠠᠰᠤ ᠡᠴᠦᠰ ᠤᠨ ᠢᠯᠠᠯᠲᠠ ᠶᠢ ᠣᠯᠵᠤ ᠴᠢᠳᠠᠮᠤᠶ︾ ᠭᠡᠵᠦ ᠬᠡᠯᠡᠪᠡ᠂ ᠳᠤᠮᠳᠠᠳᠤ ᠤᠯᠤᠰ ᠤᠨ ᠡᠪ ᠬᠠᠮᠲᠤ ᠶᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠠᠷᠤᠶ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠲᠡᠭᠡᠪᠡᠯ᠂ ᠦᠨᠳᠦᠰᠦᠨ ᠱᠠᠲᠤᠨ ᠳᠤ ᠤᠶᠢᠯᠡᠴᠢᠯᠡᠬᠦ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠮᠠᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ‌ᠨᠢ ᠶᠠᠭᠤ ᠪᠣᠶ︖
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号