ᠬᠠᠶᠢᠷᠤᠪ ᠤᠨ ᠲᠣᠬᠤᠢ ᠲᠣᠭᠤᠷᠢᠭ ᠣᠷᠴᠢᠨ ᠲᠣᠭᠤᠷᠢᠨ ᠤ ᠠᠷᠢᠭᠤᠨ ᠴᠡᠪᠡᠷ ᠢ ᠦᠨᠡᠨᠬᠦ ᠠᠳᠬᠤᠵᠤ᠂ ᠪᠣᠳᠠᠲᠠᠢ ᠠᠵᠢᠯᠯᠠᠵᠤ᠂ ᠦᠨᠡᠨ ᠪᠣᠳᠠᠲᠠᠶ ᠦᠷ᠎ᠡ ᠪᠥᠲᠦᠮᠵᠢ ᠣᠯᠪᠠ
ᠨᠡᠶᠢᠲᠡᠯᠡᠭᠰᠡᠨ ᠴᠠᠭ᠄
2019-11-06
     ᠠᠯᠲᠠᠨ ᠨᠠᠷᠠᠨ ᠠᠭᠠᠷ ᠲᠤ ᠳᠡᠭᠳᠡᠬᠦ ᠪᠥᠷᠢ᠂ ᠬᠥᠪᠦᠩ ᠴᠠᠭᠠᠨ ᠡᠭᠦᠯᠡ ᠪᠣᠯᠤᠨ ᠬᠥᠬᠡ ᠴᠡᠩᠬᠡᠷ ᠣᠭᠲᠠᠷᠭᠤᠶ ᠰᠣᠯᠪᠢᠴᠠᠨ ᠨᠢᠭᠡᠨ ᠵᠢᠷᠤᠭ ᠢ ᠪᠥᠲᠦᠭᠡᠨ᠎ᠡ᠂ ᠳᠠᠷᠤᠢ ᠡᠬᠡ ᠪᠠᠶᠢᠭᠠᠯᠢ ᠳᠠᠭᠠᠨ ᠬᠠᠶᠢᠷᠠᠲᠠᠢ᠂ ᠰᠣᠶᠣᠯ ᠢᠷᠭᠡᠨᠰᠢᠯ ᠢᠶᠠᠨ ᠡᠷᠬᠢᠮᠯᠡᠳᠡᠭ ᠬᠠᠶᠢᠷᠤᠪ ᠤᠨ ᠲᠤᠬᠤᠢ ᠲᠣᠭᠤᠷᠢᠭ ᠪᠢᠳᠡᠨ ᠤ ᠬᠠᠷᠠᠭᠠᠨ ᠳᠤ ᠲᠣᠳᠤᠷᠠᠨ᠎ᠠ᠃ ᠬᠠᠶᠢᠷᠤᠪ ᠤᠨ ᠲᠣᠬᠤᠢ ᠲᠣᠭᠤᠷᠢᠭ ᠲᠤ ᠠᠮᠢᠳᠤᠷᠠᠵᠤ᠂ ᠠᠵᠢᠯᠯᠠᠵᠤ ᠪᠠᠶᠢᠭ᠎ᠠ ᠬᠥᠮᠦᠨ ᠪᠣᠯᠭᠠᠨ ᠪᠦᠷ ᠳᠡᠷᠭᠡᠳᠡᠬᠢ ᠦᠨᠡᠨ ᠪᠣᠳᠠᠲᠠᠶ ᠬᠤᠪᠢᠷᠠᠯᠲᠠ ᠶᠢ ᠣᠶᠢᠯᠠᠭᠠᠵᠤ᠂ ᠥᠩᠭᠡᠷᠡᠭᠰᠡᠨ ᠳᠤ ᠰᠠᠭᠤᠭᠠᠯᠢ ᠲᠣᠭᠤᠷᠢᠭ ᠲᠤ ᠳᠤᠷ᠎ᠠ ᠪᠠᠷ ᠢᠶᠠᠨ ᠬᠦᠷᠢᠶ᠎ᠡ ᠬᠠᠰᠢᠶ᠎ᠠ ᠪᠣᠰᠬᠠᠨ᠂ ᠣᠯᠠᠨ ᠨᠡᠶᠢᠲᠡ ᠶᠢᠨ ᠣᠷᠣᠨ ᠵᠠᠶ ᠶᠢ ᠡᠵᠡᠯᠡᠨ ᠬᠡᠷᠡᠭᠯᠡᠵᠦ ᠪᠠᠶᠢᠭᠰᠠᠨ ᠪᠠᠶᠢᠳᠠᠯ ᠪᠠᠶᠢᠬᠤ ᠦᠭᠡᠢ ᠪᠣᠯᠵᠠᠶ︔ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠴᠡᠪᠡᠷ ᠲᠡᠭᠰᠢ ᠪᠣᠯᠵᠤ᠂ ᠬᠥᠮᠦᠰ ᠤᠨ ᠦᠵᠡᠯ ᠤᠬᠠᠮᠰᠠᠷ ᠳᠡᠭᠡᠭᠰᠢᠯᠡᠵᠦ᠂ ᠵᠠᠮ ᠬᠠᠷᠢᠯᠴᠠᠭ᠎ᠠ ᠰᠠᠭᠠᠳ ᠦᠭᠡᠢ ᠨᠡᠪᠲᠡᠷᠡᠬᠦ ᠪᠣᠯᠪᠠ ᠁ ︽ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠴᠤᠭᠴᠠᠯᠠᠬᠤ︾ ᠠᠵᠢᠯ ᠤᠨ ᠰᠢᠪᠲᠤᠯᠤᠯᠲᠠ ᠶᠢᠨ ᠱᠠᠲᠤᠨ ᠳᠤ᠂ ᠬᠠᠶᠢᠷᠤᠪ ᠤᠨ ᠲᠣᠬᠤᠢ ᠲᠣᠭᠤᠷᠢᠭ ᠪᠦᠬᠦ ᠠᠷᠠᠳ ᠢᠶᠠᠷ ᠢᠶᠠᠨ ᠣᠷᠣᠯᠴᠠᠵᠤ᠂ ᠲᠣᠭᠤᠷᠢᠭ ᠤᠨ ᠳᠦᠷᠰᠦ ᠪᠠᠶᠢᠳᠠᠯ ᠨᠠᠩ ᠴᠤ ᠡᠳᠦᠷ ᠠᠴᠠ ᠡᠳᠦᠷ ᠨᠢᠭᠡ ᠶᠠᠩᠵᠤ ᠪᠣᠯᠵᠤ᠂ ᠬᠤᠲᠠ ᠶᠢᠨ ᠠᠷᠠᠳ ᠨᠢᠭᠡᠪᠦᠷᠢ ᠴᠥᠮ ᠬᠤᠪᠢᠷᠠᠯᠲᠠ ᠶᠢ ᠮᠡᠳᠡᠷᠡᠵᠦ ᠪᠠᠶᠢᠯ᠎ᠠ᠃      ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠵᠦ᠂ ᠳᠠᠭᠠᠭᠠᠴᠢᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠨᠢᠭᠡᠴᠡ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ᠂ ᠪᠣᠯᠪᠠᠰᠤᠨ ᠢᠶᠠᠷ ᠢᠳᠬᠠᠭᠴᠢ ᠂ ᠠᠯᠪᠠᠨ ᠵᠢᠷᠤᠮ ᠤᠨ ᠲᠣᠭᠤᠷᠢᠨ ᠴᠠᠭᠳᠠᠭᠴᠢ ︽ᠭᠤᠷᠪᠠᠨ ᠭᠡᠰᠢᠭᠦᠨ ᠤ ᠡᠩᠨᠡᠭᠡ︾᠎ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠰᠠᠶᠢᠨ ᠲᠤᠷᠠᠴᠤᠳ ᠪᠣᠯᠤᠨ ᠠᠳᠠᠯ ᠠᠬᠤᠢ ᠶᠢᠨ ᠺᠣᠮᠫᠠᠨᠢ ᠬᠤᠭ ᠨᠣᠪᠰᠢ ᠶᠢ ᠲᠡᠭᠦᠵᠦ ᠴᠡᠪᠡᠷᠯᠡᠵᠦ᠂ ᠠᠷᠢᠭᠤᠨ ᠴᠡᠪᠡᠷ ᠤᠨ ᠮᠤᠬᠤᠷ ᠪᠤᠯᠤᠩ ᠪᠣᠯᠤᠨ ᠨᠣᠭᠤᠭᠠᠷᠠᠭᠤᠯᠤᠯᠲᠠ ᠶᠢᠨ ᠪᠦᠰᠡ ᠶᠢᠨ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠨ ᠠᠷᠢᠯᠭᠠᠪᠠ᠃      ᠨᠡᠶᠢᠭᠡᠮ ᠲᠣᠭᠤᠷᠢᠭ ᠵᠢᠴᠢ ᠰᠠᠭᠤᠭᠠᠯᠢ ᠲᠣᠭᠤᠷᠢᠭ ᠤᠨ ᠠᠳᠠᠯ ᠠᠬᠤᠶ ᠬᠤᠭ ᠨᠣᠪᠰᠢ ᠶᠢᠨ ᠰᠠᠪᠠ ᠪᠤᠵᠠᠷ ᠪᠤᠷᠲᠠᠭ᠂ ᠪᠦᠷᠬᠦᠭᠡᠰᠦ ᠥᠬᠡᠶ᠂ ᠲᠥᠷᠥᠯ ᠬᠤᠪᠢᠶᠠᠭᠰᠠᠨ ᠲᠡᠮᠳᠡᠭ ᠨᠠᠭᠠᠭᠰᠠᠨ ᠥᠬᠡᠶ᠂ ᠬᠤᠭ ᠨᠣᠪᠰᠢ ᠶᠢᠨ ᠰᠠᠪᠠ ᠪᠠᠨ ᠵᠡᠷᠭᠡᠴᠡᠭᠦᠯᠦᠨ ᠲᠠᠯᠪᠢᠭᠰᠠᠨ ᠦᠭᠡᠢ ᠦᠵᠡᠭᠳᠡᠯ ᠢ ᠴᠡᠭᠴᠡᠯᠡᠨ ᠰᠠᠶᠢᠵᠢᠷᠠᠭᠤᠯᠵᠤ᠂ ᠡᠪᠳᠡᠭᠳᠡᠭᠰᠡᠨ ᠬᠤᠭ ᠨᠣᠪᠰᠢ ᠶᠢᠨ ᠰᠠᠪᠠ ᠶᠢ ᠰᠡᠯᠪᠢᠨ ᠵᠠᠰᠠᠵᠤ᠂ ᠬᠤᠯᠠᠭᠠᠶᠢᠯᠠᠨ ᠤᠨᠠᠭᠠᠬᠤ᠂ ᠳᠤᠷ᠎ᠠ ᠪᠠᠷ ᠬᠠᠶᠠᠬᠤ ᠦᠢᠯᠡ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠪᠡ᠃      10 ᠰᠠᠷ᠎ᠠ ᠶᠢᠨ ᠰᠡᠭᠦᠯᠴᠢ ᠪᠣᠯᠲᠠᠯ᠎ᠠ ᠬᠠᠶᠢᠷᠤᠪ ᠤᠨ ᠲᠣᠬᠤᠢ ᠲᠣᠭᠤᠷᠢᠭ 300 ᠭᠠᠷᠤᠶ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ 1859 ᠵᠦᠢᠯ ᠤᠨ ᠬᠤᠭ ᠨᠣᠪᠰᠢ ᠴᠡᠪᠡᠷᠯᠡᠨ ᠠᠷᠢᠯᠭᠠᠵᠤ᠂ ᠪᠠᠷᠤᠭ 105 ᠲᠡᠷᠭᠡ 700 ᠭᠠᠷᠤᠶ ᠲᠣᠨ ᠬᠦᠷᠴᠡᠶ︔ 659 ᠭᠠᠷᠤᠶ ᠭᠠᠵᠠᠷ ᠳᠤᠷ᠎ᠠ ᠪᠠᠷ ᠢᠶᠠᠨ ᠲᠠᠯᠪᠢᠵᠤ ᠪᠠᠶᠢᠭᠰᠠᠨ 49 ᠲᠡᠷᠭᠡ ᠨᠤᠪᠰᠢ ᠶᠢ ᠴᠡᠪᠡᠷᠯᠡᠨ ᠠᠷᠢᠯᠭᠠᠪᠠ︔ 478 ᠭᠠᠷᠤᠶ ᠵᠢᠵᠢᠭ ᠵᠠᠷ ᠢ ᠴᠡᠪᠡᠷᠯᠡᠪᠡ᠃      ︽ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠴᠤᠭᠴᠠᠯᠠᠬᠤ︾ ᠠᠵᠢᠯ ᠰᠢᠪᠲᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠬᠠᠶᠢᠷᠤᠪ ᠤᠨ ᠲᠣᠬᠤᠢ ᠲᠣᠭᠤᠷᠢᠭ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠯᠠᠪᠳᠠᠭᠤᠨ ᠪᠠᠲᠤᠲᠠᠶ ᠥᠷᠨᠢᠭᠦᠯᠬᠦ ᠶᠢ ᠪᠥᠬᠦ ᠬᠦᠴᠦᠨ ᠢᠶᠠᠷ ᠠᠬᠢᠭᠤᠯᠪᠠ᠃ ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠵᠤ᠂ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ︽ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠴᠤᠭᠴᠠᠯᠠᠬᠤ︾᠎ ᠪᠠᠷ ᠠᠷᠠᠳ ᠲᠦᠮᠡᠨ ᠳᠤ ᠦᠨᠡᠨᠬᠦ ᠪᠤᠶᠠᠨ ᠦᠢᠯᠡᠳᠦᠨ᠎ᠡ᠃ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨ ᠪᠣᠯᠭᠠᠨ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠵᠦ᠂ ︽ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠴᠤᠭᠴᠠᠯᠠᠬᠤ︾ ᠠᠵᠢᠯ ᠢ ᠪᠠᠶᠢᠩᠭᠤᠵᠢᠭᠤᠯᠬᠤ᠂ ᠤᠷᠲᠤ ᠬᠤᠭᠤᠴᠠᠭ᠎ᠠ ᠪᠠᠷ ᠪᠦᠲᠦᠮᠵᠢᠲᠡᠶ ᠥᠷᠨᠢᠭᠦᠯᠬᠦ ᠶᠢ ᠠᠬᠢᠭᠤᠯᠵᠤ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠬᠤᠲᠠ ᠶᠢᠨ ᠴᠢᠨᠠᠷ ᠳᠡᠰ᠂ ᠬᠤᠲᠠ ᠶᠢᠨ ᠳᠦᠷᠢ ᠲᠥᠷᠬᠦ᠂ ᠬᠤᠲᠠ ᠶᠢᠨ ᠠᠷᠠᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠣᠯᠭᠤᠨ᠎ᠠ᠃
 
ᠢᠷᠡᠯᠲᠡ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
ᠵᠭᠦᠯ᠊ﶀ