ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠪᠦᠯ ᠤᠨ ᠤᠯᠠᠷᠢᠯ ᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠳᠤ ᠣᠷᠣᠯᠴᠠᠬᠤ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2019-11-07
     ︽ᠠᠶᠤᠯ ᠦᠭᠡᠢ ᠶᠢ ᠲᠡᠷᠢᠭᠦᠨ ᠳᠤ ᠲᠠᠯᠪᠢᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ︾ ᠴᠢᠭᠯᠡᠯᠲᠡ ᠶᠢ ᠲᠤᠤᠱᠯᠠᠭᠤᠯᠤᠨ᠂ ᠠᠶᠤᠯ ᠦᠭᠡᠢ ᠤᠶᠢᠯᠡᠤᠡᠪᠤᠷᠢᠯᠡᠯ ᠢ ᠤᠯᠠᠮ ᠨᠢᠭᠡ ᠠᠯᠬᠤᠮ ᠴᠢᠩᠭ᠎ᠠ ᠠᠳᠬᠤᠵᠤ᠂ ᠪᠦᠬᠦ ᠪᠠᠭᠰᠢ ᠰᠤᠷᠤᠭᠴᠢᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠥᠷᠭᠡᠨ ᠣᠯᠠᠨ ᠪᠠᠭᠰᠢ ᠰᠤᠷᠤᠭᠴᠢᠳ ᠲᠤ ᠠᠮᠢ ᠵᠢᠭᠤᠬᠤ ᠪᠠ ᠠᠩᠬᠠᠨ ᠤ ᠬᠤᠭᠤᠴᠠᠭᠠᠨ ᠤ ᠭᠠᠯ ᠲᠦᠢᠮᠡᠷ ᠢ ᠤᠨᠲᠠᠷᠠᠭᠠᠬᠤ ᠵᠡᠷᠭᠡ ᠮᠡᠷᠭᠡᠵᠢᠯ ᠴᠢᠳᠠᠪᠤᠷᠢ ᠶᠢ ᠡᠵᠡᠮᠰᠢᠭᠦᠯᠬᠦ ᠶᠢᠨ ᠲᠤᠰᠠᠳᠠ᠂ ︽ᠡᠷᠲᠡ ᠠᠴᠠ᠂ ᠪᠠᠭ᠎ᠠ ᠠᠴᠠ᠂ ᠠᠩᠬᠠᠨ ᠤ ᠬᠤᠭᠤᠴᠠᠭᠠᠨ ᠤ ᠬᠢ ᠶᠢ ᠤᠰᠠᠳᠬᠠᠬᠤ︾ ᠬᠠᠷᠠᠯᠲᠠ ᠶᠢ ᠪᠡᠶᠡᠯᠡᠭᠦᠯᠬᠦ ᠬᠡᠷᠡᠭᠲᠡᠶ᠃ 2019 ᠤᠨ ᠤ 11 ᠰᠠᠷ᠎ᠠ ᠶᠢᠨ 6᠎ ᠤ ᠡᠳᠦᠷ᠂ ᠡᠪᠦᠯ ᠤᠨ ᠤᠯᠠᠷᠢᠯ ᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠪᠠᠭ᠎ᠠ ᠰᠤᠷᠭᠠᠭᠤᠯᠢ ᠳᠤ ᠬᠤᠷᠠᠯᠳᠤᠪᠠ᠃ ᠬᠠᠶᠢᠷᠤᠪ ᠤᠨ ᠲᠣᠬᠤᠢ ᠲᠣᠭᠤᠷᠢᠭ ᠤᠨ 46 ᠰᠤᠷᠭᠠᠭᠤᠯᠢ᠂ ᠬᠡᠤᠬᠡᠳ ᠤᠨ ᠴᠡᠴᠡᠷᠯᠢᠭ ᠵᠢᠴᠢ ᠦᠨᠡᠮᠯᠡᠯ ᠣᠯᠤᠭᠰᠠᠨ ᠬᠤᠪᠢ ᠶᠢᠨ ᠬᠡᠤᠬᠡᠳ ᠤᠨ ᠴᠡᠴᠡᠷᠯᠢᠭ ᠲᠣᠰ ᠤᠳᠠᠭᠠᠨ ᠤ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ ᠴᠤᠭᠯᠠᠭᠠᠨ ᠳᠤ ᠣᠷᠣᠯᠴᠠᠪᠠ᠃     ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠃ ᠡᠨᠡ ᠤᠳᠠᠭᠠᠨ ᠤ ᠰᠣᠷᠢᠯᠲᠠ ᠪᠠᠷ ᠳᠠᠮᠵᠢᠭᠠᠳ᠂ ᠬᠠᠶᠢᠷᠤᠪ ᠤᠨ ᠲᠣᠬᠤᠢ ᠲᠣᠭᠤᠷᠢᠭ ᠤᠨ ᠥᠷᠭᠡᠨ ᠣᠯᠠᠨ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠮᠡᠳᠡᠯᠭᠡ ᠶᠢ ᠪᠠᠶᠠᠯᠢᠭᠵᠢᠭᠤᠯᠵᠤ᠂ ᠣᠯᠠᠨ ᠤ ᠭᠠᠯ ᠰᠡᠷᠭᠡᠶᠢᠯᠡᠬᠦ ᠦᠵᠡᠯ ᠤᠬᠠᠮᠰᠠᠷ ᠪᠣᠯᠤᠨ ᠭᠠᠯ ᠤᠨ ᠠᠶᠤᠯ ᠤᠨ ᠠᠳᠡᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠩ ᠤᠨ ᠠᠮᠤᠷ ᠲᠦᠪᠰᠢᠨ ᠤ ᠠᠪᠤᠷᠠᠨ ᠲᠤᠰᠠᠯᠠᠬᠤ ᠮᠡᠳᠡᠯᠭᠡ ᠶᠢ ᠤᠯᠠᠮ ᠨᠢᠭᠡ ᠠᠯᠬᠤᠮ ᠣᠶᠢᠯᠠᠭᠠᠵᠤ᠂ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢ ᠡᠵᠡᠮᠰᠢᠭᠰᠡᠨ ᠪᠥᠭᠡᠳ ᠰᠣᠷᠢᠯᠲᠠ ᠳᠤ ᠣᠷᠣᠯᠴᠠᠬᠤ ᠬᠥᠮᠦᠰ ᠲᠤ ᠤᠬᠠᠭᠤᠯᠭ᠎ᠠ ᠬᠥᠮᠦᠵᠢᠯ ᠤᠨ ᠮᠠᠰᠢ ᠰᠠᠶᠢᠨ ᠤᠶᠢᠯᠡᠳᠤᠯ ᠦᠵᠡᠭᠦᠯᠦᠭᠰᠡᠨ ᠪᠠᠶᠢᠨ᠎ᠠ᠃ ᠬᠤᠶᠢᠰᠢᠳᠠ ᠶᠢᠨ ᠠᠵᠢᠯ ᠠᠮᠢᠳᠤᠷᠠᠯ ᠳᠤᠮᠳᠠ᠂ ᠭᠠᠯ ᠤᠨ ᠠᠶᠤᠯ ᠢ ᠰᠡᠷᠭᠡᠶᠢᠯᠡᠬᠦ ᠶᠢ ᠨᠠᠩ ᠴᠢᠬᠤᠯᠠᠴᠢᠯᠠᠵᠤ᠂ ᠨᠠᠩ ᠣᠯᠠᠨ ᠬᠥᠮᠦᠨ ᠳᠤ ᠭᠠᠯ ᠤᠨ ᠠᠶᠤᠯ ᠤᠨ ᠠᠮᠤᠷ ᠲᠦᠪᠰᠢᠨ ᠤ ᠮᠡᠳᠡᠯᠭᠡ ᠶᠢ ᠮᠡᠳᠡᠭᠦᠯᠵᠦ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠦᠨᠳᠦᠰᠦᠨ ᠤᠷ᠎ᠠ ᠴᠢᠳᠠᠪᠤᠷᠢ ᠶᠢ ᠡᠵᠡᠮᠰᠢᠭᠦᠯᠵᠦ᠂ ᠭᠡᠨᠡᠳᠲᠡ ᠶᠢᠨ ᠠᠶᠤᠯ ᠲᠦᠭᠰᠢᠭᠦᠷᠢ ᠶᠢᠨ ᠠᠳᠡᠯ ᠭᠠᠷᠬᠤ ᠦᠶ᠎ᠡ ᠳᠤ᠂ ᠤᠴᠢᠷ ᠶᠠᠪᠤᠳᠠᠯ ᠲᠣᠬᠢᠶᠠᠯᠳᠤᠪᠠᠯ ᠰᠠᠮᠠᠭᠤᠷᠠᠬᠤ ᠦᠭᠡᠢ᠂ ᠤᠴᠢᠷ ᠶᠠᠪᠤᠳᠠᠯ ᠲᠣᠬᠢᠶᠠᠯᠳᠤᠪᠠᠯ ᠪᠠᠯᠠᠳᠠᠬᠤ ᠦᠭᠡᠢ ᠪᠠᠶᠢᠬᠤ ᠶᠢ ᠪᠡᠶᠡᠯᠡᠭᠦᠯᠵᠦ᠂ ᠢᠳᠡᠪᠬᠢᠲᠡᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠪᠤᠰᠤᠳ ᠬᠥᠮᠦᠨ ᠢ ᠠᠪᠤᠷᠠᠨ ᠲᠤᠰᠠᠯᠠᠵᠤ᠂ ᠰᠠᠬᠢᠨ ᠬᠠᠮᠠᠭᠠᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号