﹇ᠤᠭ ᠪᠦᠲᠤᠭᠡᠯ ᠢ ᠤᠩᠰᠢᠵᠤ᠂ ᠤᠣᠯ ᠵᠤᠬᠢᠶᠠᠯ ᠢ ᠰᠤᠷᠤᠯᠴᠠᠵᠤ᠂ ᠤᠭ ᠶᠤᠰᠤ ᠶᠢ ᠤᠶᠢᠯᠭᠠᠬᠤ﹈ ᠬᠠᠶᠢᠷᠤᠪ ᠤᠨ ᠲᠣᠬᠤᠢ ᠲᠣᠭᠤᠷᠢᠭ ᠤᠨ ᠰᠠᠯᠠᠭᠠᠨ ᠤ ᠲᠡᠰ ᠤᠨ ᠤᠳᠤᠷᠢᠳᠬᠤ ᠺᠠᠳ᠋ᠷ ᠢ ᠲᠤᠰᠬᠠᠢᠯᠠᠨ ᠰᠤᠷᠪᠤᠯᠵᠢᠯᠠᠪᠠ ( ᠲᠦᠷᠪᠡ︶
ᠨᠡᠶᠢᠲᠡᠯᠡᠭᠰᠡᠨ ᠴᠠᠭ᠄
2019-11-07
 ᠬᠠᠶᠢᠷᠤᠪ ᠤᠨ ᠲᠣᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠦ ᠼᠠᠢ ᠷᠦᠩ    ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠨᠢ ᠡᠴᠦᠰ ᠤᠨ ᠡᠴᠦᠰ ᠲᠡᠭᠡᠨ ᠠᠷᠠᠳ ᠲᠦᠮᠡᠨ ᠳᠤ ᠪᠤᠶᠠᠨ ᠤᠶᠢᠯᠡᠤᠡᠬᠦ  ᠶᠢᠨ ᠲᠥᠯᠥᠭᠡ ᠶᠤᠮ᠃ ᠶᠡᠷᠦᠩᠬᠡᠶ ᠱᠦᠵᠢ᠄ ︽ᠪᠢᠳᠡ ᠨᠠᠮ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠮᠠᠷᠲᠠᠭᠰᠠᠨ ᠡᠰᠡᠬᠦ᠂ ᠬᠤᠪᠢᠨᠴᠢᠷ ᠪᠣᠳᠣᠯ ᠪᠣᠯᠤᠨ ᠡᠯᠳᠡᠪ ᠪᠣᠳᠣᠯ ᠪᠠᠶᠢᠬᠤ ᠡᠰᠡᠬᠦ᠂ ᠨᠠᠮ ᠤᠨ ᠰᠢᠨᠵᠢ ᠴᠢᠨᠠᠷ ᠪᠣᠯᠤᠨ ᠵᠣᠷᠢᠯᠲᠠ ᠪᠠᠶᠢᠬᠤ ᠡᠰᠡᠬᠦ ᠶᠢ ᠦᠵᠡᠬᠦ ᠬᠡᠷᠡᠭᠲᠡᠶ    ᠨᠢᠭᠡ᠂ ᠣᠶᠢᠯᠠᠭᠠᠵᠤ ᠲᠠᠨᠢᠬᠤ    ᠤᠭ ᠰᠠᠨᠠᠭ᠎ᠠ ᠪᠠᠨ ᠦᠯᠦ ᠮᠠᠷᠲᠠᠬᠤ ᠨᠢ ᠳᠤᠮᠳᠠᠳᠤ ᠤᠯᠤᠰ ᠎ ᠤᠨ ᠡᠪ ᠬᠠᠮᠲᠤ ᠶᠢᠨ ᠨᠠᠮ ᠪᠠᠶᠢᠭᠤᠯᠬᠤ ᠦᠶ᠎ᠡ ᠶᠢᠨ ᠲᠡᠮᠡᠴᠡᠯ ᠤᠨ ᠵᠣᠷᠢᠭ ᠰᠠᠨᠠᠭ᠎ᠠ ᠪᠣᠯᠤᠨ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠬᠤ ᠰᠡᠳᠬᠢᠯ ᠢ ᠡᠭᠦᠷᠢᠳᠡ ᠪᠠᠲᠤᠯᠠᠬᠤ ᠶᠠᠪᠤᠳᠠᠯ ᠪᠣᠯᠤᠨ᠎ᠠ︔ ᠳᠤᠮᠳᠠᠳᠤ ᠤᠯᠤᠰ ᠤᠨ ᠣᠷᠴᠢᠨ ᠦᠶ᠎ᠡ ᠶᠢᠨ ᠭᠠᠰᠠᠯᠠᠩ ᠵᠣᠪᠠᠯᠠᠩ ᠪᠠ ᠲᠡᠤᠬᠡ᠂ ᠠᠷᠠᠳ ᠲᠦᠮᠡᠨ ᠤ ᠡᠪ ᠬᠠᠮᠲᠤ ᠨᠠᠮ ᠢ ᠰᠣᠩᠭᠤᠭᠰᠠᠨ ᠰᠣᠩᠭᠤᠯᠲᠠ ᠶᠢ ᠬᠦᠯᠢᠶᠡᠬᠦ ᠬᠡᠷᠡᠭᠲᠡᠶ︔ ᠢᠮᠠᠭᠲᠠ ᠠᠷᠠᠳ ᠲᠦᠮᠡᠨ ᠳᠤ ᠤᠶᠢᠯᠡᠴᠢᠯᠡᠬᠦ ᠶᠢ ᠪᠠᠷᠢᠮᠲᠠᠯᠠᠵᠤ᠂ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠵᠦ᠂ ᠰᠡᠳᠬᠢᠯ ᠵᠢᠷᠦᠬᠡ ᠪᠠᠨ ᠬᠤᠯᠪᠣᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠪᠣᠯ ᠰᠢᠨ᠎ᠡ ᠬᠠᠷᠠᠯᠲᠠ᠂ ᠰᠢᠨ᠎ᠡ ᠪᠠᠶᠢᠳᠠᠯ ᠢ ᠭᠦᠨᠵᠡᠭᠡᠶ ᠡᠵᠡᠮᠳᠡᠵᠦ᠂ ᠪᠣᠳᠠᠲᠠᠶ ᠠᠵᠢᠯᠯᠠᠬᠤ ᠵᠣᠷᠢᠭ ᠰᠠᠨᠠᠭ᠎ᠠ ᠪᠠᠷ ᠲᠡᠢᠦᠬᠡᠲᠦ ᠡᠭᠦᠷᠭᠡ ᠶᠢ ᠡᠭᠦᠷᠭᠡᠯᠡᠬᠦ ᠬᠡᠷᠡᠭᠲᠡᠶ︔ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠶ︔ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠶ ᠡᠵᠡᠮᠰᠢᠵᠦ ᠣᠶᠢᠯᠠᠭᠠᠬᠤ ᠬᠡᠷᠡᠭᠲᠡᠶ᠃        ᠬᠤᠶᠠᠷ᠂ ᠣᠯᠤᠯᠲᠠ      ᠨᠢᠭᠡ ᠵᠢᠯ ᠤᠨ ᠨᠠᠮᠤᠷ ᠤᠨ ᠠᠭᠤᠷ ᠥᠳᠬᠡᠨ᠂ ᠠᠷᠪᠠᠨ ᠭᠠᠵᠠᠷ ᠤᠨ ᠭᠠᠪᠢᠷ᠎ᠠ ᠴᠡᠴᠡᠭ ᠤᠨ ᠦᠨᠦᠷ ᠬᠠᠩᠬᠤᠯᠤᠨ᠎ᠠ᠃ ᠡᠨᠡ ᠤᠳᠠᠭᠠᠨ ᠤ ᠭᠤᠤᠯ ᠰᠡᠳᠦᠪᠲᠦ ᠬᠥᠮᠦᠵᠢᠯ ᠨᠢ ᠤᠨᠤᠯ ᠤᠨ ᠰᠤᠷᠤᠯᠴᠠᠯᠭ᠎ᠠ ᠪᠠᠷ ᠳᠠᠮᠵᠢᠨ᠂ ᠥᠪᠡᠷ ᠤᠨ ᠲᠠᠷᠢᠬᠢ ᠲᠣᠯᠣᠭᠠᠶ ᠪᠠᠨ ᠨᠠᠩ ᠰᠡᠷᠭᠡᠭ᠂ ᠴᠢᠭᠯᠡᠯ ᠢᠶᠠᠨ ᠨᠠᠩ ᠲᠣᠳᠣᠷᠬᠠᠶ᠂ ᠠᠯᠬᠤᠮ ᠢᠶᠠᠨ ᠨᠠᠩ ᠪᠠᠲᠤ ᠪᠤᠯᠭᠠᠵᠠᠢ᠃ ᠡᠨᠡ ᠤᠳᠠᠭᠠᠨ ᠤ ᠭᠤᠤᠯ ᠰᠡᠳᠦᠪᠲᠦ ᠬᠥᠮᠦᠵᠢᠯ ᠨᠢ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ︽ᠠᠩᠬᠢᠯᠤᠮ᠎ᠠ ᠦᠨᠦᠷ︾᠎ ᠲᠠᠢ ᠪᠣᠯᠭᠠᠨ᠎ᠠ᠃ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠨᠠᠮ ᠤᠨ ᠪᠡᠶ᠎ᠡ ᠴᠣᠭᠴᠠ ᠶᠢᠨ ᠡᠷᠡᠭᠦᠯ ᠮᠡᠨᠳᠦ ᠶᠢ ᠪᠠᠲᠤᠯᠠᠵᠤ᠂ ᠣᠯᠠᠨ ᠲᠦᠮᠡᠨ ᠤ ᠳᠡᠮᠵᠢᠯᠭᠡ ᠶᠢ ᠣᠯᠵᠤ᠂ ᠨᠠᠮ ᠤᠨ ᠳᠦᠷᠢ ᠲᠥᠷᠬᠦ ᠶᠢ ︽ᠠᠩᠬᠢᠯᠤᠮ᠎ᠠ ᠦᠨᠦᠷ︾᠎ ᠲᠠᠢ ᠪᠣᠯᠭᠠᠨ᠎ᠠ᠃ ᠡᠨᠡ ᠤᠳᠠᠭᠠᠨ ᠤ ᠭᠤᠤᠯ ᠰᠡᠳᠦᠪᠲᠦ ᠬᠥᠮᠦᠵᠢᠯ ᠨᠢ ᠬᠡᠲᠦᠷᠬᠡᠶ ᠣᠯᠠᠨ ᠬᠡᠯᠪᠡᠷᠢ ᠶᠢ ᠬᠥᠭᠡᠭᠡᠴᠡᠯᠳᠦᠬᠦ ᠦᠭᠡᠢ᠂ ᠵᠥᠪᠬᠡᠨ ᠳᠥᠭᠦᠮ ᠪᠣᠳᠠᠲᠤ ᠦᠷ᠎ᠡ ᠪᠦᠲᠦᠮᠵᠢ ᠶᠢ ᠬᠥᠭᠡᠭᠡᠴᠡᠯᠳᠦᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠬᠦ ᠶᠠᠪᠤᠳᠠᠯ  ᠪᠣᠯᠤᠨ᠎ᠠ᠃      ᠭᠤᠷᠪᠠ᠂ ᠣᠯᠤᠭᠰᠠᠨ ᠦᠷ᠎ᠡ ᠪᠦᠲᠦᠭᠡᠯ      ᠤᠭ ᠰᠠᠨᠠᠭ᠎ᠠ ᠪᠠᠨ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠣᠯᠤᠯᠲᠠ ᠲᠠᠢ᠂ ᠭᠦᠨᠵᠡᠭᠡᠶᠢᠷᠡᠯ ᠲᠠᠢ᠂ ᠦᠷ᠎ᠡ ᠪᠦᠲᠦᠭᠡᠯ ᠲᠠᠢ ᠪᠠᠶᠢᠬᠤ ᠬᠡᠷᠡᠭᠲᠡᠶ᠃ ᠨᠢᠭᠡ ᠳᠤ ᠤᠨᠤᠯ ᠰᠤᠷᠤᠯᠴᠠᠵᠤ᠂ ᠦᠵᠡᠯ ᠰᠠᠨᠠᠭ᠎ᠠ ᠪᠠᠷ ᠵᠡᠪᠰᠡᠭᠯᠡᠬᠦ ᠶᠢ ᠴᠢᠩᠭᠠᠳᠬᠠᠪᠠ᠃ ᠬᠤᠶᠠᠷ ᠲᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠵᠢᠯ ᠤᠨ ᠰᠤᠷᠲᠠᠯ ᠢ ᠪᠣᠳᠠᠲᠠᠢ ᠶᠢ ᠡᠷᠬᠢᠮᠯᠡᠪᠡ᠃ ᠭᠤᠷᠪᠠ ᠳᠤ ᠤᠬᠠᠮᠰᠠᠷ ᠠᠴᠠ ᠪᠠᠨ ᠪᠠᠶᠢᠴᠠᠭᠠᠨ ᠦᠵᠡᠵᠦ᠂ ᠵᠥᠷᠢᠶ᠎ᠡ ᠪᠠᠨ ᠲᠤᠳᠤᠷᠬᠠᠶᠢᠯᠵᠠᠢ᠃ ᠳᠥᠷᠪᠡ ᠳᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠴᠢᠳᠠᠪᠤᠷᠢ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃ ᠲᠠᠪᠤ ᠳᠤ᠂ ᠭᠡᠷ ᠲᠦᠨᠢ ᠣᠴᠢᠵᠤ ᠦᠢᠯᠡᠴᠢᠯᠡᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃      ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠷᠤᠪ ᠤᠨ ᠲᠣᠬᠤᠢ ᠲᠤᠭᠤᠷᠢᠭ ᠤᠨ ᠬᠤᠪᠢᠶᠠᠷᠢ ᠲᠣᠪᠴᠢᠶ᠎ᠠ ᠶᠢᠨ ᠳᠠᠷᠤᠭ᠎ᠠ    ᠴᠢᠶᠣᠤ ᠲᠦᠩ      ᠣᠳᠣᠬᠠᠨ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠵᠦ᠂ ᠡᠭᠦᠨ ᠤ ᠳᠤ ᠳᠣᠲᠣᠷᠠᠬᠢ ᠨᠢᠭᠡ ᠴᠢᠬᠤᠯᠠ ᠠᠭᠤᠯᠭ᠎ᠠ ᠪᠣᠯ ᠳᠠᠷᠤᠶ ᠨᠠᠮ ᠤᠨ ᠭᠡᠰᠢᠭᠦᠨ ᠺᠠᠳ᠋ᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠣᠱᠯᠠᠭᠤᠯᠵᠤ᠂ ᠤᠯᠤᠰ ᠲᠥᠷᠦ ᠶᠢᠨ ᠪᠣᠯᠪᠠᠰᠤᠷᠠᠯ ᠢᠶᠠᠨ ᠴᠢᠩᠭᠠᠳᠬᠠᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠥᠪ ᠶᠢᠷᠲᠢᠨᠴᠦ ᠶᠢᠨ ᠦᠵᠡᠯᠲᠡ᠂ ᠵᠥᠪ ᠣᠨᠣᠪᠴᠢᠲᠠᠶ ᠥᠷᠲᠡᠭ ᠤᠨ ᠦᠵᠡᠯᠲᠡ ᠪᠠᠲᠤ ᠪᠣᠶ ᠪᠣᠯᠭᠠᠵᠤ᠂ ᠴᠠᠭᠠᠷᠠᠭᠰᠠᠨ ᠬᠡᠪ ᠰᠤᠷᠲᠠᠯ ᠢ ᠪᠣᠶ ᠪᠣᠯᠭᠠᠵᠤ᠂ ︽ᠳᠥᠷᠪᠡᠨ ᠰᠤᠷᠲᠠᠯ︾᠎ ᠢ ᠡᠷᠡᠰ ᠡᠰᠡᠷᠭᠦᠴᠡᠨ ᠬᠤᠷᠢᠭᠯᠠᠵᠤ᠂ ᠮᠠᠨ ᠤ ᠬᠠᠶᠢᠷᠤᠪ ᠲᠣᠬᠤᠢ ᠲᠤᠭᠤᠷᠢᠭ  ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠭᠰᠠᠨ ᠶᠠᠪᠤᠳᠠᠯ ᠪᠣᠯᠤᠨ᠎ᠠ᠃      ᠡᠭᠦᠷ ᠤᠨ ᠱᠦᠵᠢ ᠪᠣᠯᠤᠭᠰᠠᠨ ᠤ ᠬᠤᠪᠢ ᠳᠤ ᠴᠠᠭᠠᠷᠠᠭᠰᠠᠨ ᠰᠤᠷᠲᠠᠯ ᠢ ᠪᠣᠶ ᠪᠣᠯᠭᠠᠬᠤ ᠳᠤ ᠡᠷᠬᠡᠪᠰᠢ ᠰᠠᠬᠢᠯᠭ᠎ᠠ ᠪᠠᠲᠤ ᠶᠢ ᠴᠢᠩᠳᠠᠯᠠᠵᠤ᠂ ᠶᠣᠰᠣ ᠳᠦᠷᠢᠮ ᠢ ᠵᠢᠷᠤᠮᠯᠠᠵᠤ᠂ ︽ᠳᠥᠷᠪᠡᠨ ᠰᠤᠷᠲᠠᠯ︾᠎ ᠢ ᠴᠥᠬᠦᠷᠡᠰᠢ ᠦᠭᠡᠢ ᠵᠠᠯᠠᠷᠠᠭᠤᠯᠬᠤ ᠬᠡᠷᠡᠭᠲᠡᠶ᠃ ᠥᠪᠡᠷ ᠤᠨ ᠪᠡᠶ᠎ᠡ ᠳᠡᠭᠡᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠥᠷᠥ ᠪᠠ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 28 ᠵᠤᠶᠢᠯ ᠤᠨ ᠪᠣᠳᠠᠲᠠᠶ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠢᠮᠠᠭᠲᠠ ︽ᠳᠥᠷᠪᠡᠨ ᠤᠬᠠᠮᠰᠠᠷ︾᠎ ᠢ ᠰᠢᠯᠭᠠᠬᠤ ᠴᠢᠩᠭ᠎ᠠ ᠡᠰᠡᠬᠦ᠂ ︽ᠳᠥᠷᠪᠡᠨ ᠢᠲᠡᠭᠡᠯ︾᠎ ᠢ ᠪᠠᠷᠢᠮᠲᠠᠯᠠᠵᠤ ᠲᠡᠶᠢᠯᠬᠦ ᠡᠰᠡᠬᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ ᠲᠡᠶᠢᠯᠬᠦ ᠡᠰᠡᠬᠦ ᠶᠢ ᠰᠢᠯᠭᠠᠬᠤ ᠰᠢᠯᠭᠠᠭᠤᠷ ᠪᠣᠯᠭᠠᠵᠤ᠂ ᠤᠬᠠᠮᠰᠠᠷ ᠪᠠ ᠤᠯᠤᠰ ᠲᠥᠷᠥ ᠰᠠᠬᠢᠯᠭ᠎ᠠ ᠪᠠᠲᠤ ᠤᠯᠤᠰ ᠲᠥᠷᠥ ᠶᠢᠨ ᠶᠣᠰᠣ ᠳᠦᠷᠢᠮ ᠤᠨ ᠴᠢᠬᠤᠯᠠ ᠪᠠᠷᠢᠮᠵᠢᠶ᠎ᠠ ᠪᠣᠯᠭᠠᠵᠤ᠂ ᠨᠢᠭᠡᠴᠡ ᠶᠢᠨ ︽ᠨᠢᠭᠡᠳᠦᠭᠡᠷ ᠭᠠᠷ︾ ᠪᠣᠯᠤᠭᠰᠠᠨ ᠤ ᠬᠤᠪᠢ ᠳᠤ ︽ᠲᠦᠷᠦᠭᠦᠤ ᠭᠠᠯᠠᠭᠤ ᠵᠢᠨ‌ᠤᠶᠢᠯᠡᠳᠤᠯ︾᠎ ᠢ ᠭᠦᠢᠴᠠᠤᠡ ᠪᠠᠳᠠᠷᠠᠭᠤᠯᠵᠤ᠂ ᠴᠠᠭᠠᠷᠠᠭᠰᠠᠨ ᠬᠡᠪ ᠰᠤᠷᠲᠠᠯ ᠢ ᠪᠣᠶ ᠪᠣᠯᠭᠠᠬᠤ ᠬᠡᠷᠡᠭᠲᠡᠶ᠃      ᠡᠨᠡ ᠤᠳᠠᠭ᠎ᠠ ᠶᠢᠨ ᠭᠤᠤᠯ ᠰᠡᠳᠦᠪᠲᠦ ᠰᠤᠷᠤᠯᠴᠠᠯᠭ᠎ᠠ ᠬᠥᠮᠦᠵᠢᠯ ᠢᠶᠠᠷ ᠳᠠᠮᠵᠢᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠬᠠᠶ ᠨᠠᠩ ᠭᠦᠨᠵᠡᠭᠡᠶ‌ᠣᠢᠯᠠᠭᠠᠯᠲᠠ ᠲᠠᠨᠢᠯᠲᠠ ᠲᠠᠢ ᠪᠣᠯᠵᠠᠶ᠃ ᠳᠠᠷᠠᠭᠠᠴᠢ ᠶᠢᠨ ᠠᠯᠬᠤᠮ ᠳᠤ ᠺᠠᠳ᠋ᠷ ᠠᠵᠢᠯᠲᠠᠨ ᠠᠵᠢᠯᠴᠢᠨ ᠤ ᠴᠤᠭ ᠰᠦᠯᠳᠡ ᠶᠢ ᠶᠡᠷᠦᠩᠬᠡᠶ ᠱᠦᠵᠢ ᠶᠢᠨ ᠱᠠᠭᠠᠷᠳᠠᠯᠭ᠎ᠠ ᠳᠡᠭᠡᠷ᠎ᠡ ᠤᠯᠠᠮ ᠴᠢᠨᠠᠭᠰᠢᠳᠠ ᠨᠢᠭᠲᠠᠷᠠᠭᠤᠯᠵᠤ᠂ ᠲᠦᠷᠦᠭᠦᠯᠡᠨ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠰᠢᠨᠡᠳᠬᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠥᠷᠯᠥᠭᠡ ᠦᠳᠡᠰᠢ ᠶᠢ ᠲᠡᠮᠡᠴᠡᠨ᠂ ᠰᠤᠷᠤᠯᠴᠠᠯᠭ᠎ᠠ ᠳᠤ ᠣᠯᠤᠯᠲᠠ ᠲᠠᠢ᠂ ᠠᠵᠢᠯᠯᠠᠬᠤ ᠳᠤ ᠠᠮᠵᠢᠯᠲᠠ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃      ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠳᠠᠷᠤᠭ᠎ᠠ   ᠲᠢᠶᠠᠨ ᠭᠦᠸᠧ ᠯᠢᠶᠠᠩ      ᠳᠤᠮᠳᠠᠳᠤ ᠤᠯᠤᠰ ᠤᠨ ᠡᠪ ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠠᠷᠤᠶ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠪᠣᠯ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠨᠠᠮ ᠳᠤ ᠥᠭᠭᠦᠭᠰᠡᠨ ᠬᠠᠩᠭᠢᠨᠠᠮ᠎ᠠ ᠤᠷᠢᠶᠠᠯᠠᠭ᠎ᠠ ᠪᠣᠯᠬᠤ ᠪᠥᠭᠡᠳ ᠪᠠᠰᠠ ᠪᠦᠬᠦ ᠤᠯᠤᠰ ᠤᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃      ᠡᠨᠡ ᠵᠢᠯ ᠪᠣᠯ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠳᠤ ᠣᠷᠴᠢᠨ ᠲᠣᠭᠤᠷᠢᠨ ᠤ ᠠᠮᠢ ᠠᠬᠤᠢ ᠶᠢᠨ ᠣᠷᠣᠨ ᠢ ᠪᠠᠶᠢᠭᠤᠯᠬᠤ ᠡᠯ᠎ᠡ ᠵᠤᠶᠢᠯ ᠤᠨ ᠠᠵᠢᠯ ᠶᠢᠨ ᠡᠭᠦᠷᠭᠡ ᠲᠤᠶᠢᠯ ᠤᠨ ᠪᠡᠷᠬᠡ ᠬᠠᠲᠠᠭᠤᠵᠢᠯᠲᠠᠶ ᠪᠠᠶᠢᠨ᠎ᠠ᠃ ᠡᠭᠦᠷᠭᠡ ᠶᠢᠨ ᠡᠮᠦᠨ᠎ᠡ ᠪᠢᠳᠡ ᠬᠠᠷᠢᠭᠤᠴᠠᠯᠭ᠎ᠠ ᠪᠠ ᠡᠭᠦᠷᠭᠡ ᠪᠠᠨ ᠤᠯᠠᠮ ᠨᠢᠭᠡ ᠠᠯᠬᠤᠮ ᠪᠡᠶᠡᠯᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠤᠶᠢᠯᠡᠳᠤᠯᠭᠡᠵᠢᠭᠦᠯᠬᠦ ᠬᠡᠷᠡᠭᠲᠡᠶ᠃      ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠡᠩ ᠲᠡᠷᠢᠭᠦᠨ ᠳᠤ᠂ ᠵᠣᠷᠢᠯᠲᠠ ᠶᠢᠨ ᠤᠬᠠᠮᠰᠠᠷ ᠢ ᠪᠤᠢ ᠪᠣᠯᠭᠠᠵᠤ᠂ ᠣᠯᠠᠨ ᠲᠦᠮᠡᠨᠴᠢ ᠱᠤᠭᠤᠮ ᠢᠶᠠᠷ ᠶᠠᠪᠤᠬᠤ ᠬᠡᠷᠡᠭᠲᠡᠶ᠃ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠨᠢ ᠳᠠᠷᠤᠶ ᠡᠪ ᠬᠠᠮᠲᠤ ᠨᠠᠮ ᠤᠨ ᠤᠭ ᠰᠠᠨᠠᠭ᠎ᠠ ᠶᠢ ᠰᠡᠩᠬᠡᠷᠡᠭᠦᠯᠵᠦ᠂ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠳᠤ ᠢᠳᠡᠪᠬᠢᠲᠡᠶ ᠪᠠᠷ ᠵᠣᠯ ᠵᠢᠷᠭᠠᠯ ᠣᠯᠭᠤᠬᠤ ᠶᠢᠨ ᠲᠥᠯᠥᠭᠡ ᠶᠤᠮ᠂ ᠮᠠᠨ ᠤ ᠤᠯᠤᠰ ᠎ ᠤᠨ ᠳᠤᠮᠳᠠᠳᠤ ᠶᠢᠨ ᠦᠨᠳᠦᠰᠦᠲᠡᠨ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠨᠡ ᠨᠢ ᠳᠠᠷᠤᠶ ᠪᠢᠳᠡᠨ ᠤ ᠦᠨᠳᠦᠰᠦᠨ ᠱᠠᠲᠤᠨ ᠳᠤ ᠬᠢᠭᠰᠡᠨ ᠶᠠᠪᠤᠳᠠᠯ ᠪᠣᠯᠭᠠᠨ ᠢ ᠴᠥᠮ ᠡᠨᠡᠬᠦ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠥᠷᠨᠢᠭᠦᠯᠬᠦ ᠶᠢ ᠱᠠᠭᠠᠷᠳᠠᠵᠤ ᠪᠠᠶᠢᠨ᠎ᠠ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠬᠦ ᠵᠣᠷᠢᠯᠲᠠ ᠶᠢᠨ ᠦᠵᠡᠯ ᠤᠬᠠᠮᠰᠠᠷ ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠢᠯ ᠤᠨ ᠳᠤᠮᠳᠠ ᠦᠷᠭᠦᠯᠵᠢ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ ᠣᠯᠠᠨ ᠲᠦᠮᠡᠨ ᠤ ᠲᠤᠰᠬᠠᠭᠰᠠᠨ ᠬᠡᠯᠡᠯᠴᠡᠭᠡᠨ ᠶᠡᠬᠡᠲᠡᠶ᠂ ᠬᠦᠴᠢᠷ ᠠᠰᠠᠭᠤᠳᠠᠯ ᠪᠣᠯᠤᠨ ᠵᠦᠶ ᠵᠣᠬᠢᠰᠲᠠᠶ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠤᠡᠪᠤᠷᠢᠯᠡᠬᠦ ᠪᠤᠶᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃    ᠡᠨᠡ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠮᠢᠨᠦ ᠬᠠᠮᠤᠭ ᠤᠨ ᠶᠡᠭᠡ ᠣᠯᠤᠯᠲᠠ ᠪᠣᠯ ᠠᠷᠠᠳ ᠲᠦᠮᠡᠨ ᠳᠤ ᠤᠶᠢᠯᠡᠴᠢᠯᠡᠬᠦ  ᠵᠣᠷᠢᠯᠲᠠ ᠶᠢᠨ ᠤᠬᠠᠮᠰᠠᠷ ᠢ ᠨᠠᠩ ᠪᠠᠲᠤᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠲᠠᠭᠤ ᠪᠡᠷᠬᠡ ᠪᠥᠭᠡᠳ ᠢᠷᠠᠭᠤ ᠠᠯᠳᠠᠷ ᠲᠠᠢ ᠭᠡᠳᠡᠭ ᠢ ᠨᠠᠩ ᠪᠠᠲᠤ ᠢᠲᠡᠭᠡᠭᠰᠡᠨ ᠶᠠᠪᠤᠳᠠᠯ ᠪᠣᠯᠤᠨ᠎ᠠ᠃ ᠳᠠᠷᠠᠭᠠᠴᠢ ᠶᠢᠨ ᠠᠯᠬᠤᠮ ᠳᠤ ᠪᠢ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠴᠦ᠂ ᠠᠵᠢᠯ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠢᠳᠡᠪᠬᠢᠲᠡᠶ ᠪᠠᠷ ᠰᠢᠨ᠎ᠡ ᠶᠢ ᠡᠭᠦᠳᠬᠦ ᠰᠡᠳᠬᠢᠬᠦᠶ ᠪᠣᠯᠤᠨ ᠲᠡᠷᠢᠭᠦᠨ ᠤ ᠣᠨᠣᠯᠵᠢᠬᠤᠨ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠭᠤᠤᠯᠳᠠᠯᠭ᠎ᠠ ᠶᠢ ᠠᠳᠬᠤᠨ᠂ ᠬᠦᠴᠢᠷ ᠠᠰᠠᠭᠤᠳᠠᠯ ᠢ ᠰᠢᠪᠲᠤᠯᠵᠤ᠂ ᠠᠵᠢᠯ ᠤᠨ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃    ᠬᠠᠶᠢᠷᠤᠪ ᠤᠨ ᠲᠣᠬᠤᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᡁᠢ ᠫᠢᠩ    ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠰᠢᠨ᠎ᠡ ᠴᠠᠭ ᠦᠶ᠎ᠡ ᠶᠢᠨ ᠡᠪ ᠬᠠᠮᠲᠤ ᠶᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠰᠦᠭ ᠰᠦᠨᠡᠰᠦ ᠶᠢ ᠱᠤᠭᠤᠬᠤ ᠢᠨᠵᠧᠨᠧᠷᠢᠩ ᠪᠣᠯᠤᠨ᠎ᠠ᠂ ᠪᠢᠳᠡᠨ ᠤ ᠢᠲᠡᠭᠡᠯ ᠪᠢᠰᠢᠷᠡᠯ ᠤᠨ ᠰᠠᠭᠤᠷᠢ᠂ ᠵᠣᠷᠢᠭ ᠰᠠᠨᠠᠭᠠᠨ ᠤ ᠺᠠᠯᠼ᠂ ᠦᠵᠡᠯ ᠰᠠᠨᠠᠭᠠᠨ ᠤ ᠰᠦᠭ ᠰᠦᠨᠡᠰᠦ ᠶᠢ ᠭᠦᠨ ᠱᠤᠭᠤᠬᠤ ᠳᠤ ᠠᠰᠢᠭᠲᠠᠢ᠂ ᠪᠢᠳᠡᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠡᠮᠦᠨ᠎ᠡ ᠡᠩᠨᠡᠭᠡᠨ ᠳᠤ ᠶᠠᠪᠤᠬᠤ ᠳᠤ ᠠᠰᠢᠭᠲᠠᠢ ᠶᠤᠮ᠃ ︵ᠭᠤᠷᠪᠠ︶ ᠡᠷᠳᠡᠮ ᠴᠢᠳᠠᠪᠤᠷᠢ ᠬᠦᠷᠦᠯᠴᠡᠬᠦ ᠦᠭᠡᠢ᠂ ᠡᠷᠳᠡᠮ ᠴᠢᠳᠠᠪᠤᠷᠢ ᠬᠤᠴᠣᠷᠤᠩᠭᠤᠶ ᠪᠠᠶᠢᠬᠤ  ᠠᠰᠠᠭᠤᠳᠠᠯ ᠢ ᠰᠢᠢᠤᠡᠪᠤᠷᠢᠯᠡᠬᠦ  ᠬᠡᠷᠡᠭᠲᠡᠶ᠃      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠳᠡᠭᠡᠳᠤ ᠱᠠᠲᠤᠨ ᠤ ᠰᠢᠢᠤᠡᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠣᠱᠯᠠᠭᠤᠯᠤᠨ ᠨᠠᠶᠢᠳᠠᠪᠤᠷᠢᠵᠢᠭᠤᠯᠬᠤ᠂ ᠮᠠᠨ ᠤ ᠲᠣᠪᠴᠢᠶ᠎ᠠ ᠰᠤᠷᠤᠯᠴᠠᠯᠭ᠎ᠠ ᠬᠥᠮᠦᠵᠢᠯ ᠢ ᠣᠯᠠᠨ ᠤᠳᠠᠭ᠎ᠠ ᠴᠢᠩᠭᠠᠳᠬᠠᠵᠤ ᠬᠠᠨᠳᠤᠯᠭᠠᠲᠤ ᠴᠢᠨᠠᠷᠲᠠᠶ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠥᠷᠨᠢᠭᠦᠯᠵᠦ᠂ ᠬᠤᠷᠠᠯ ᠳᠡᠭᠡᠷ᠎ᠡ ᠣᠬᠤᠷ ᠦᠭᠡ᠂ ᠲᠤᠰᠠᠲᠠᠶ ᠦᠭᠡ ᠶᠠᠷᠢᠪᠠ᠃ ᠡᠭᠦᠨ ᠠᠴᠠ ᠭᠠᠳᠠᠨ᠎ᠠ᠂ ᠪᠠᠶᠢᠴᠠᠭᠠᠨ ᠰᠤᠳᠤᠯᠤᠯᠲᠠ ᠨᠢ ᠲᠡᠭᠦᠨ ᠤ ᠳᠤᠮᠳᠠ‌‍ᠲ᠋ᠤᠣᠱᠯᠠᠭᠳᠠᠵᠤ᠂ ᠣᠯᠠᠨ ᠲᠠᠯ᠎ᠠ ᠶᠢᠨ ᠰᠠᠨᠠᠯ ᠢ ᠬᠤᠷᠢᠶᠠᠵᠤ᠂ ᠣᠯᠠᠨ ᠲᠦᠮᠡᠨ ᠤ ᠳᠤᠮᠳᠠ ᠬᠦᠷᠴᠦ᠂ ᠣᠯᠠᠨ ᠲᠦᠮᠡᠨ ᠲᠠᠢ ᠬᠠᠮᠲᠤ ᠪᠠᠷ ᠠᠰᠢᠭ ᠬᠦᠷᠲᠡᠵᠦ᠂ ᠣᠯᠠᠨ ᠲᠦᠮᠡᠨ ᠤ ᠵᠦᠶ ᠵᠣᠬᠢᠰᠲᠠᠶ ᠬᠡᠷᠡᠭᠴᠡᠭᠡ ᠶᠢ ᠰᠢᠢᠤᠡᠪᠤᠷᠢᠯᠡᠨ᠂ ᠠᠶᠤᠯᠭᠦᠶ ᠤᠤᠭᠤᠬᠤ ᠤᠰᠤᠨ ᠤ ᠢᠨᠵᠧᠨᠧᠷᠢᠩ ᠢ ᠥᠷᠨᠢᠭᠦᠯᠬᠦ ᠪᠠ ᠲᠠᠷᠢᠶᠠᠯᠠᠬᠤ ᠣᠷᠣᠨ ᠤ ᠠᠮᠢ ᠠᠬᠤᠢ ᠶᠢᠨ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠳᠤ ᠪᠦᠬᠦ ᠲᠠᠯ᠎ᠠ ᠪᠠᠷ ᠬᠡᠷᠡᠭᠵᠢᠭᠦᠯᠬᠦ ︽ᠵᠣᠷᠯᠣᠩ ᠤᠨ ᠬᠤᠪᠢᠰᠬᠠᠯ︾᠎ ᠢ ᠴᠢᠩᠭᠠᠳᠬᠠᠪᠠ᠃ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠵᠡᠷᠭᠡ ᠪᠠᠷ ᠶᠠᠪᠤᠭᠳᠠᠭᠤᠯᠵᠤ᠂ ᠰᠠᠶᠢᠨ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠥᠷᠨᠢᠭᠦᠯᠬᠦ ᠶᠢ ᠪᠠᠷᠢᠮᠲᠠᠯᠠᠵᠤ᠂ ᠤᠬᠠᠭᠤᠯᠤᠯ ᠢ ᠴᠢᠬᠤᠯᠠᠴᠢᠯᠠᠨ᠎ᠠ᠃          ᠬᠠᠶᠢᠷᠤᠪ ᠤᠨ ᠲᠣᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ    ᠵᠠᠩ ᠱᠢ ᠶᠦᠩ      ᠶᠡᠷᠦᠩᠬᠡᠶ ᠱᠦᠵᠢ ᠰᠢ ᠶᠢᠨ ᠫᠢᠩ᠄ ︽ᠤᠭ ᠰᠠᠨᠠᠭ᠎ᠠ ᠪᠠᠨ ᠦᠯᠦ ᠮᠠᠷᠲᠠᠪᠠᠰᠤ ᠡᠴᠦᠰ ᠤᠨ ᠢᠯᠠᠯᠲᠠ ᠶᠢ ᠣᠯᠵᠤ ᠴᠢᠳᠠᠮᠤᠶ᠃ ᠳᠤᠮᠳᠠᠳᠤ ᠤᠯᠤᠰ ᠤᠨ ᠡᠪ ᠬᠠᠮᠲᠤ ᠶᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠠᠷᠤᠶ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ︾ ᠭᠡᠵᠦ ᠵᠢᠭᠠᠵᠤ ᠭᠠᠷᠭᠠᠪᠠ᠃ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠶᠠᠮᠠᠷ ᠠᠵᠢᠯ ᠶᠢᠨ ᠪᠠᠢᠷᠢᠨ ᠳᠤ ᠪᠠᠶᠢᠭᠰᠠᠨ ᠴᠤ ᠲᠡᠷᠡ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ᠂ ᠪᠠᠶᠠᠷᠯᠠᠵᠤ ᠪᠠᠶᠢᠬᠤ ᠡᠰᠡᠬᠦ᠂ ᠵᠥᠪᠰᠢᠶᠡᠷᠡᠬᠦ ᠡᠰᠡᠬᠦ ᠪᠠᠷ ᠠᠵᠢᠯ ᠢᠶᠠᠨ ᠰᠢᠯᠭᠠᠨ ᠪᠠᠶᠢᠴᠠᠭᠠᠬᠤ ᠬᠠᠮᠤᠭ ᠤᠨ ᠳᠡᠭᠡᠳᠤ  ᠪᠠᠷᠢᠮᠵᠢᠶ᠎ᠠ ᠪᠣᠯᠭᠠᠵᠤ᠂ ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠡᠷᠡᠮᠡᠬᠡᠶᠢᠯᠡᠨ ᠤᠷᠤᠭᠰᠢᠯᠠᠵᠤ ᠵᠢᠳᠬᠦᠯ ᠴᠢᠷᠮᠠᠶᠢᠯᠭ᠎ᠠ ᠭᠠᠷᠭᠠᠵᠤ᠂ ᠯᠠᠪᠳᠠᠭᠤᠨ ᠪᠠᠲᠤᠲᠠᠶ ᠤᠯᠠ ᠮᠥᠷ ᠲᠠᠢ ᠪᠠᠶᠢᠬᠤ᠂ ᠲᠡᠮᠦᠷ ᠪᠠᠷᠢᠪᠠᠯ ᠣᠷᠣᠮ ᠲᠠᠢ ᠪᠠᠶᠢᠬᠤ ᠡᠷᠴᠢ ᠵᠣᠷᠢᠭ ᠢᠶᠠᠷ ᠠᠵᠢᠯ ᠢᠶᠠᠨ ᠠᠯᠬᠤᠮ ᠠᠯᠬᠤᠮ ᠢᠶᠠᠷ ᠠᠬᠢᠭᠤᠯᠵᠤ᠂ ᠥᠪᠡᠷ ᠥᠪᠡᠷ ᠤᠨ ᠠᠵᠢᠯ ᠶᠢᠨ ᠪᠠᠶᠢᠷᠢ ᠳᠡᠭᠡᠷ᠎ᠡ ᠪᠠᠨ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃      ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠪᠦᠬᠦ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠠᠵᠢᠯ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠨᠠᠩ ᠴᠤ ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠤ ᠠᠰᠢᠭᠲᠠᠢ᠂ ᠠᠷᠠᠳ ᠲᠤ ᠠᠰᠢᠭ ᠬᠦᠷᠲᠡᠭᠡᠬᠦ ᠪᠠ ᠠᠷᠠᠳ ᠲᠤ ᠠᠰᠢᠭ ᠬᠦᠷᠲᠡᠭᠡᠬᠦ ᠪᠠᠷ ᠬᠠᠷᠠᠯᠲᠠ ᠪᠣᠯᠭᠠᠵᠤ᠂ ᠢᠩᠭᠢᠪᠡᠯ ᠰᠠᠶ᠋ᠢ ᠬᠤᠳᠠᠯᠳᠤᠭᠠᠨ ᠤ ᠶᠠᠪᠤᠳᠠᠯ ᠤᠨ ᠠᠵᠢᠯ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠴᠢᠳᠠᠨ᠎ᠠ᠃ ᠠᠵᠢᠯ ᠶᠢᠨ ᠳᠤᠮᠳᠠ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠣᠰ ᠭᠠᠵᠠᠷ ᠣᠷᠣᠨ ᠤ ᠠᠷᠠᠯᠵᠢᠶ᠎ᠠ ᠬᠤᠳᠠᠯᠳᠤᠭᠠᠨ ᠤ ᠤᠶᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢ ᠬᠤᠳᠠᠯᠳᠤᠭᠠᠨ ᠤ ᠶᠠᠪᠤᠳᠠᠯ ᠤᠨ ᠬᠥᠮᠦᠰ ᠤᠨ ᠲᠡᠮᠡᠴᠡᠬᠦ ᠬᠠᠷᠠᠯᠲᠠ ᠪᠣᠯᠭᠠᠵᠤ᠂ ᠨᠢᠭᠡ ᠳᠤ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠬᠤ ᠲᠠᠯ᠎ᠠ ᠪᠠᠷ ᠦᠷᠭᠦᠯᠵᠢᠯᠡᠨ ᠶᠡᠭᠡ ᠬᠦᠴᠦ ᠣᠷᠣᠭᠤᠯᠬᠤ ᠬᠡᠷᠡᠭᠲᠡᠶ᠃ ᠪᠡᠯᠡ ᠣᠷᠣᠭᠤᠯᠤᠯᠲᠠ ᠶᠢ ᠠᠳᠬᠤᠬᠤ᠂ ᠲᠥᠷᠥᠯ ᠵᠤᠶᠢᠯ ᠢ ᠠᠳᠬᠤᠬᠤ ᠶᠢ ᠠᠵᠢᠯ ᠤᠨ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠤᠰᠬᠠᠶ ᠬᠥᠮᠦᠨ ᠢᠶᠠᠷ ᠲᠥᠷᠥᠯ ᠵᠤᠶᠢᠯ ᠢ ᠠᠳᠬᠤᠬᠤ᠂ ᠲᠥᠷᠥᠯ ᠵᠤᠶᠢᠯ ᠢ ᠳᠠᠭᠠᠬᠤ ᠠᠵᠢᠯ ᠤᠨ ᠲᠣᠭᠲᠠᠴᠠ ᠶᠢ ᠴᠢᠩᠭᠠᠷᠠᠭᠤᠯᠤᠨ᠂ ᠬᠠᠮᠤᠭ ᠤᠨ ᠶᠡᠭᠡ ᠴᠢᠳᠠᠬᠤᠶᠢᠴᠠ ᠣᠯᠠᠨ ᠣᠷᠣᠨ ᠪᠠᠶᠢᠷᠢ᠂ ᠣᠯᠠᠨ ᠬᠠᠷᠠᠭᠠᠰᠤ ᠲᠥᠷᠥᠯ ᠵᠤᠶᠢᠯ᠂ ᠠᠵᠤ ᠠᠬᠤᠶᠢᠯᠠᠯ ᠳᠤ ᠤᠶᠢᠯᠡᠴᠢᠯᠡᠬᠦ ᠠᠵᠢᠯ ᠢ ᠰᠠᠶᠢᠲᠤᠷ ᠬᠢᠵᠦ᠂ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠶ᠃ ᠲᠥᠷᠥᠯ ᠵᠤᠶᠢᠯ ᠢᠶᠠᠷ ᠳᠠᠮᠵᠢᠨ ᠠᠷᠠᠯᠵᠢᠶ᠎ᠠ ᠬᠤᠳᠠᠯᠳᠤᠭᠠᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠳᠠᠶᠢᠴᠢᠯᠠᠨ ᠠᠬᠢᠭᠤᠯᠤᠨ᠎ᠠ︔ ᠬᠤᠶᠠᠷ ᠲᠤ ᠣᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠶ᠃ ︽ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠤᠭᠤᠰᠣᠨ ᠢ ᠨᠥᠬᠦᠪᠥᠷᠢᠯᠡᠬᠦ︾᠎ ᠪᠠᠷ ᠭᠤᠤᠯ ᠰᠡᠳᠬᠢᠴᠡ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠬᠤᠳᠠᠯᠳᠤᠭ᠎ᠠ ᠠᠷᠠᠯᠵᠢᠶᠠᠨ ᠤ ᠤᠶᠢᠯᠡᠴᠢᠯᠡᠭᠡᠨ ᠤ ᠦᠢᠯᠡᠰ ᠤᠨ ᠲᠥᠷᠥᠯ ᠲᠡᠮᠳᠡᠭ ︵ᠲᠥᠷᠥᠯ ᠵᠤᠶᠢᠯ︶᠎ ᠢ ᠦᠷᠭᠦᠯᠵᠢᠯᠡᠨ ᠣᠷᠣᠭᠤᠯᠵᠤ ᠢᠷᠡᠨ᠎ᠡ᠃ ᠲᠥᠷᠥᠯ ᠲᠡᠮᠳᠡᠭ ︵ᠲᠥᠷᠥᠯ ᠵᠤᠶᠢᠯ︶᠎ ᠢ ᠦᠷᠭᠦᠯᠵᠢᠯᠡᠨ ᠣᠷᠣᠭᠤᠯᠬᠤ ᠪᠠᠷ ᠳᠠᠮᠵᠢᠨ᠂ ᠭᠠᠵᠠᠷ ᠣᠷᠣᠨ ᠤ ᠬᠤᠳᠠᠯᠳᠤᠭᠠᠨ ᠤ ᠦᠨᠦᠷ ᠠᠮᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠠᠷᠠᠭ᠎ᠠ ᠬᠤᠳᠠᠯᠳᠤᠨ ᠠᠪᠬᠤ ᠰᠣᠩᠭᠤᠯᠲᠠ ᠶᠢ ᠪᠠᠶᠠᠯᠢᠭᠵᠢᠭᠤᠯᠤᠨ᠂ ᠠᠷᠠᠳ ᠣᠯᠠᠨ ᠤ ᠬᠡᠷᠡᠭᠯᠡᠭᠡ ᠶᠢᠨ ᠳᠥᠭᠦᠮ ᠳᠥᠲᠡ᠂ ᠶᠠᠰᠤ ᠴᠢᠨᠠᠷ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠨ᠎ᠠ︔ ᠭᠤᠷᠪᠠ ᠳᠤ᠂ ᠠᠵᠢᠯ ᠲᠥᠷᠥᠯ ᠤᠨ ᠰᠢᠨ᠎ᠡ ᠪᠠᠷ ᠮᠠᠨᠳᠤᠭᠰᠠᠨ ᠬᠦᠷᠢᠶᠡᠨ ᠤ ᠬᠥᠭᠵᠢᠯᠲᠡ ᠶᠢ ᠠᠬᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠶ᠃ ᠰᠢᠨ᠎ᠡ ᠣᠶᠢᠯᠠᠭᠠᠭᠳᠠᠬᠤᠨ ᠢᠶᠠᠷ ᠬᠤᠳᠠᠯᠳᠤᠭ᠎ᠠ ᠠᠷᠠᠯᠵᠢᠶᠠᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠬᠡᠷᠡᠭᠯᠡᠭᠡᠨ ᠤ ᠰᠢᠨ᠎ᠡ ᠬᠠᠨᠳᠤᠰᠢ᠂ ᠮᠡᠷᠭᠡᠵᠢᠯ ᠤᠨ ᠰᠢᠨ᠎ᠡ ᠬᠥᠭᠵᠢᠯᠲᠡ ᠶᠢᠨ ᠠᠪᠴᠢᠷᠠᠭᠰᠠᠨ ᠰᠢᠨ᠎ᠡ ᠠᠵᠠ ᠲᠣᠬᠢᠶᠠᠯ ᠢ ᠴᠢᠩᠭ᠎ᠠ ᠠᠳᠬᠤᠵᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠨ ᠬᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠬᠥᠲᠥᠯᠥᠨ ᠵᠢᠯᠣᠭᠤᠳᠴᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ᠂ ᠰᠢᠨ᠎ᠡ ᠮᠡᠷᠭᠡᠵᠢᠯ ᠤᠨ ᠦᠷᠭᠦᠯᠵᠢᠯᠡᠨ ᠬᠥᠭᠵᠢᠬᠦ ᠪᠠ ᠬᠡᠷᠡᠭᠯᠡᠬᠦ ᠶᠢ ᠠᠬᠢᠭᠤᠯᠵᠤ᠂ ᠠᠷᠠᠯᠵᠢᠶ᠎ᠠ ᠬᠤᠳᠠᠯᠳᠤᠭᠠᠨ ᠤ ᠳᠡᠰ ᠳᠠᠪᠰᠢᠯᠲᠠ ᠶᠢᠨ ᠬᠡᠷᠡᠭᠯᠡᠭᠡ ᠶᠢ ᠥᠷᠭᠡᠳᠬᠡᠬᠦ᠂ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ᠂ ᠠᠷᠠᠳ ᠲᠦᠮᠡᠨ ᠢ ᠪᠠᠲᠤᠯᠠᠬᠤ ᠳᠤ ᠦᠵᠡᠭᠦᠯᠬᠦ ᠢᠳᠡᠪᠬᠢ‌ᠤᠶᠢᠯᠡᠳᠤᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃      ᠰᠢᠮᠳᠠᠨ ᠴᠢᠷᠮᠠᠶᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ᠃ ᠪᠢᠳᠡ ᠨᠠᠮ ᠤᠨ ᠭᠡᠰᠢᠭᠦᠨ ᠺᠠᠳ᠋ᠷ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠭᠠᠪᠢᠶ᠎ᠠ ᠶᠢ ᠵᠠᠪᠠᠯ ᠪᠢ ᠪᠡᠶᠡᠯᠡᠭᠦᠯᠬᠦ︾ ᠭᠤᠤᠯ ᠬᠠᠷᠢᠭᠤᠴᠠᠯᠭ᠎ᠠ ᠡᠭᠦᠷᠭᠡᠯᠡᠯ ᠢ ᠪᠣᠶ ᠪᠣᠯᠭᠠᠵᠤ᠂ ᠮᠠᠨ ᠤ ᠲᠤᠭᠤᠷᠢᠭ ‍ᠤᠨ‌ᠠᠷᠠᠯᠵᠢᠶ᠎ᠠ ᠬᠤᠳᠠᠯᠳᠤᠭᠠᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠡᠭᠦᠳᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号