ᠬᠠᠢ ᠪᠧ ᠵᠡᠭᠡᠯᠢ ᠭᠤᠳᠤᠮᠵᠢ ᠶᠢᠨ ᠴᠠᠩ ᠴᠢᠩ ᠳ᠋ᠦᠩ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠠᠰᠤᠭ ᠤᠨ ᠭᠠᠳᠠᠷ ᠬᠡᠷᠡᠮ ᠢ ᠵᠠᠰᠠᠨ ᠴᠡᠭᠴᠡᠯᠡᠪᠡ
ᠨᠡᠶᠢᠲᠡᠯᠡᠭᠰᠡᠨ ᠴᠠᠭ᠄
2019-11-08
     ᠬᠠᠢ ᠪᠸᠢ ᠵᠡᠭᠡᠯᠢ ᠭᠤᠳᠤᠮᠵᠢ ᠶᠢᠨ ᠴᠠᠩ ᠴᠢᠩ ᠳ᠋ᠦᠩ ᠨᠡᠶᠢᠭᠡᠮ ᠲᠣᠭᠤᠷᠢᠭ ᠤᠨ ᠠᠵᠢᠯᠲᠠᠨ ᠡᠳᠦᠷ ᠲᠣᠲᠤᠮ ᠤᠨ ᠰᠤᠷᠪᠤᠯᠵᠢᠯᠠᠬᠤ ᠠᠵᠢᠯ ᠳᠤᠮᠳᠠ ᠪᠠᠨ᠂ ᠲᠠᠢ ᠠᠨ ᠲᠣᠭᠤᠷᠢᠭ ᠤᠨ ᠬᠥᠳᠡᠯᠭᠡᠭᠡᠨ ᠤ ᠲᠠᠰᠤᠭ ᠪᠣᠷᠣᠭᠠᠨ ᠤ ᠤᠰᠤ ᠪᠠᠷ ᠤᠬᠢᠶᠠᠭᠳᠠᠭᠰᠠᠨ ᠠᠴᠠ ᠬᠡᠷᠡᠮ ᠤᠨ ᠭᠠᠳᠠᠷᠭᠤ ᠶᠢ ᠡᠪᠳᠡᠵᠦ᠂ ᠬᠦᠨᠳᠦ ᠨᠣᠴᠢᠲᠠᠶ ᠠᠮᠤᠷ ᠲᠦᠪᠰᠢᠨ ᠤ ᠭᠡᠮ ᠰᠣᠭᠤᠭ ᠣᠷᠣᠰᠢᠵᠤ ᠪᠠᠶᠢᠬᠤ ᠶᠢ ᠣᠯᠵᠤ ᠮᠡᠳᠡᠵᠡᠢ᠃      ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠪᠦᠷᠢᠯᠳᠦᠬᠦᠨ ᠨᠡᠷ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠰᠠᠭᠤᠭᠠᠯᠢ ᠠᠷᠠᠳ ᠤᠨ ᠲᠣᠭᠤᠷᠢᠭ ᠤᠨ ᠠᠵᠢᠯᠯᠠᠭᠠᠨ ᠤ ᠲᠠᠰᠤᠭ ᠤᠨ ᠭᠠᠳᠠᠷ ᠬᠡᠷᠡᠮ ᠢ ᠳᠠᠬᠢᠨ ᠰᠡᠷᠭᠦᠭᠡᠬᠦ ᠪᠠᠷ ᠰᠤᠳᠤᠯᠤᠨ ᠲᠣᠭᠲᠠᠭᠠᠪᠠ᠃ ᠨᠡᠶᠢᠭᠡᠮ ᠲᠣᠭᠤᠷᠢᠭ ᠤᠨ ᠠᠵᠢᠯᠲᠠᠳ ᠲᠤᠰᠬᠠᠶ ᠮᠡᠷᠭᠡᠵᠢᠯ ᠤᠨ ᠰᠡᠯᠪᠢᠨ ᠵᠠᠰᠠᠬᠤ ᠠᠵᠢᠯᠲᠠᠨ ᠢ ᠡᠷᠢᠵᠦ ᠢᠷᠡᠭᠡᠳ ᠨᠢᠭᠡ ᠭᠠᠷᠠᠭ ᠤᠨ ᠴᠠᠭ ᠵᠠᠷᠤᠴᠠᠭᠤᠯᠵᠤ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ᠂ ᠳᠠᠬᠢᠨ ᠥᠩᠬᠦᠷᠢᠭᠦᠯᠬᠦ ᠰᠢᠷ ᠪᠤᠳᠤᠭ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠢᠵᠦ᠂ ᠠᠮᠤᠷ ᠲᠦᠪᠰᠢᠨ ᠤ ᠳᠠᠯᠳᠠ ᠭᠡᠮ ᠢ ᠲᠦᠢᠯᠪᠤᠷᠢᠲᠠᠶ ᠠᠷᠢᠯᠭᠠᠭᠰᠠᠨ ᠪᠠᠶᠢᠨ᠎ᠠ᠃     ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠬᠠᠶᠢᠪᠸᠢ ᠵᠡᠭᠡᠯᠢ ᠭᠤᠳᠤᠮᠵᠢ ᠶᠢᠨ ᠴᠠᠩ ᠴᠢᠩ ᠳ᠋ᠦᠩ ᠨᠡᠶᠢᠭᠡᠮ ᠲᠣᠭᠤᠷᠢᠭ ᠨᠠᠮ ᠤᠨ ᠪᠠᠶᠢᠭᠤᠯᠤᠯᠲᠠ ᠶᠢᠨ ᠬᠥᠳᠡᠯᠦᠨ ᠳᠠᠭᠠᠭᠤᠯᠬᠤ ᠤᠶᠢᠯᠡᠳᠤᠯ ᠢᠶᠠᠨ ᠢᠳᠡᠪᠬᠢᠲᠡᠢ ᠪᠠᠳᠠᠷᠠᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠠᠰᠠᠭᠤᠳᠠᠯ ᠢ ᠰᠢᠢᠤᠡᠪᠤᠷᠢᠯᠡᠬᠦ ᠪᠠᠷ ᠲᠤᠰᠤᠯᠲᠠ ᠪᠣᠯᠭᠠᠵᠤ᠂ ᠦᠨᠡᠨ ᠪᠣᠳᠠᠲᠠᠶ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠶᠢᠯᠡᠳᠤᠯᠭᠡᠵᠢᠭᠦᠯᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠷ ᠰᠠᠭᠤᠭᠠᠯᠢ ᠠᠷᠠᠳ ᠲᠤ ᠦᠨᠡᠨᠬᠦ ᠠᠰᠢᠭ ᠬᠦᠷᠲᠡᠭᠡᠪᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号