ᠡᠪᠡᠳᠴᠢᠨ ᠦᠵᠡᠭᠦᠯᠬᠦ ᠳᠤ ᠬᠦᠴᠢᠷᠳᠡᠬᠦ ᠦᠭᠡᠢ ᠪᠤᠯᠵᠤ ᠰᠠᠭᠤᠭᠠᠯᠢ ᠠᠷᠠᠳ ᠤᠨ ᠰᠡᠳᠬᠢᠯ ᠳᠤᠯᠠᠭᠠᠴᠠᠨ᠎ᠠ
ᠨᠡᠶᠢᠲᠡᠯᠡᠭᠰᠡᠨ ᠴᠠᠭ᠄
2019-11-08
     ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠤᠶᠢᠯᠡᠴᠢᠯᠡᠭᠡ ᠪᠣᠯ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠᠷ ᠬᠡᠷᠡᠭᠵᠢᠭᠦᠯᠬᠦ ᠭᠤᠤᠯ ᠴᠣᠭᠴᠠ ᠪᠣᠯᠭᠠᠵᠤ᠂ ᠶᠡᠷᠦᠩᠬᠡᠶ ᠰᠠᠯᠠᠭᠠᠨ ᠤ ᠶᠡᠭᠡ ᠡᠮᠴᠢ ︵ᠠᠵᠢᠯ ᠡᠷᠬᠢᠯᠡᠬᠦ ᠶᠡᠭᠡ ᠡᠮᠴᠢ᠂ ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ︶᠎ ᠪᠠᠷ ᠭᠤᠤᠯ ᠪᠣᠯᠭᠠᠨ᠂ ᠬᠠᠷᠢᠭᠤᠴᠠᠯᠭᠠᠲᠤ ᠰᠤᠪᠢᠯᠠᠭᠴᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ‍ᠤᠨ‌ᠡᠮᠴᠢ᠂ ᠬᠥᠳᠡᠭᠡ ᠲᠣᠰᠬᠤᠨ ᠤ ᠡᠮᠴᠢ᠂ ᠡᠮ ᠨᠠᠶᠢᠷᠠᠭᠴᠢ᠂ ᠡᠷᠡᠭᠦᠯ ᠮᠡᠨᠳᠦ ᠶᠢᠨ ᠬᠠᠮᠢᠶᠠᠷᠤᠭᠴᠢ᠂ ᠳᠡᠭᠡᠳᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠲᠤᠰᠬᠠᠶ ᠮᠡᠷᠭᠡᠵᠢᠯᠲᠡᠨ ᠵᠡᠷᠭᠡ ᠪᠠᠷ ᠪᠦᠷᠢᠯᠳᠦᠭᠰᠡᠨ ᠤᠶᠢᠯᠡᠴᠢᠯᠡᠭᠡᠨ ᠤ ᠪᠦᠯᠬᠦᠮ ᠨᠡᠶᠢᠲᠡ ᠶᠢ ᠣᠷᠣᠭᠤᠯᠵᠤ᠂ ᠡᠪᠡᠳᠴᠢᠲᠡᠨ᠂ ᠨᠠᠰᠤᠲᠠᠶᠢᠴᠤᠳ᠂ ᠵᠡᠮᠳᠡᠭᠴᠦᠳ᠂ ᠵᠢᠷᠮᠦᠰᠦᠨ ᠡᠮᠡᠭᠲᠡᠶ᠂ ᠬᠡᠤᠬᠡᠳ᠂ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢᠨ ᠬᠥᠮᠦᠰ ᠵᠡᠷᠭᠡ ᠪᠠᠷ ᠭᠤᠤᠯᠳᠠᠯᠭ᠎ᠠ ᠪᠣᠯᠭᠠᠨ᠂ ᠰᠠᠶᠢᠨ ᠳᠤᠷ᠎ᠠ ᠶᠢᠨ ᠵᠠᠷᠴᠢᠮ ᠶᠣᠰᠣᠭᠠᠷ ᠤᠶᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠦᠷᠭᠦᠯᠵᠢᠯᠡᠭᠰᠡᠨ᠂ ᠶᠡᠷᠦᠩᠬᠡᠶᠢᠯᠡᠭᠰᠡᠨ᠂ ᠳᠥᠭᠦᠮ ᠳᠥᠲᠡ᠂ ᠣᠨᠴᠠᠭᠠᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠤᠶᠢᠯᠡᠴᠢᠯᠡᠭᠡ ᠶᠢ ᠥᠷᠨᠢᠭᠦᠯᠬᠦ ᠶᠠᠪᠤᠳᠠᠯ ᠪᠣᠯᠤᠨ᠎ᠠ᠃       ᠬᠠᠶᠢᠷᠤᠪ ᠤᠨ ᠲᠣᠬᠤᠢ ᠲᠣᠭᠤᠷᠢᠭ ᠤᠨ ᠬᠢᠨ ᠭᠡᠷ ᠪᠦᠯᠢ ᠶᠢᠨ ᠡᠮᠴᠢ ᠵᠢᠨ‌‍ᠭᠡᠷ᠎ᠡ ᠲᠣᠭᠲᠠᠬᠤ ᠤᠶᠢᠯᠡᠴᠢᠯᠡᠭᠡᠨ ᠤ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠭᠡᠷ ᠪᠦᠯᠢ ᠤᠨ ᠭᠡᠷ᠎ᠡ ᠲᠣᠭᠲᠠᠬᠤ ᠤᠶᠢᠯᠡᠴᠢᠯᠡᠭᠡᠨ ᠤ ᠠᠵᠢᠯ ᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠵᠤᠶᠢᠯ ᠤᠨ ᠠᠵᠢᠯ ᠶᠢᠨ ᠬᠠᠷᠠᠯᠲᠠᠲᠤ ᠬᠠᠮᠢᠶᠠᠷᠤᠯᠲᠠ ᠶᠢᠨ ᠰᠢᠯᠭᠠᠨ ᠬᠢᠨᠠᠬᠤ ᠳᠤ ᠣᠷᠣᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠢᠭᠡᠳᠦᠭᠡᠷ ᠭᠠᠷ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠳᠠᠲᠠᠶ ᠠᠳᠬᠤᠬᠤ ᠠᠵᠢᠯ ᠶᠢᠨ ᠲᠣᠭᠲᠠᠴᠠ ᠶᠢ ᠪᠠᠶᠢᠭᠤᠯᠵᠤ᠂ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃ ᠣᠳᠣᠬᠠᠨ ᠳᠤ᠂ ᠪᠥᠬᠦ ᠲᠤᠭᠤᠷᠢᠭ ᠤᠨ ᠭᠡᠷ᠎ᠡ ᠲᠣᠭᠲᠠᠬᠤ ᠪᠦᠯᠬᠦᠮ ᠨᠡᠶᠢᠲᠡ 43᠎ ᠶᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠯᠤᠭ᠎ᠠ ᠭᠡᠷ᠎ᠡ ᠲᠣᠭᠲᠠᠬᠤ ᠤᠶᠢᠯᠡᠴᠢᠯᠡᠭᠡ ᠶᠢᠨ ᠪᠦᠷᠬᠦᠴᠡ ᠶᠢᠨ ᠨᠣᠷᠮ᠎ᠠ 32.02 %᠎ ᠳᠤ ᠬᠦᠷᠴᠦ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠬᠤ ᠤᠶᠢᠯᠡᠴᠢᠯᠡᠭᠡ  ᠶᠢᠨ ᠪᠦᠷᠬᠦᠴᠡ ᠶᠢᠨ ᠨᠣᠷᠮ᠎ᠠ 80 %᠎ ᠳᠤ ᠬᠦᠷᠴᠡᠶ᠃    ᠭᠡᠷᠡᠲᠦ ᠤᠶᠢᠯᠡᠴᠢᠯᠡᠭᠡᠨ ᠤ ᠤᠬᠠᠭᠤᠯᠭ᠎ᠠ ᠶᠢᠨ ᠠᠵᠢᠯ ᠤᠨ ᠥᠷᠨᠢᠬᠦ ᠶᠢ ᠳᠠᠭᠠᠯᠳᠤᠨ᠂ ᠬᠠᠶᠢᠷᠤᠪ ᠤᠨ ᠲᠣᠬᠤᠢ ᠲᠣᠭᠤᠷᠢᠭ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠪᠦᠷᠢᠨᠰᠢᠭᠦᠯᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠠᠵᠢᠯ ᠤᠨ ᠠᠬᠢᠴᠠ ᠪᠠᠨ ᠲᠦᠷᠭᠡᠳᠬᠡᠪᠡ᠃ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠰ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠭᠡᠷ ᠪᠦᠯᠢ ᠵᠢᠨ‌ᠡᠮᠴᠢ ᠶᠢᠨ ᠭᠡᠷ᠎ᠡ ᠲᠣᠭᠲᠠᠬᠤ ᠮᠡᠲᠤ ᠤᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠤᠳᠤᠷᠢᠳᠬᠤ ᠳᠤᠭᠤᠶᠢᠯᠠᠩ ᠪᠣᠯᠤᠨ ᠭᠡᠷ ᠪᠦᠯᠢ ᠶᠢᠨ ᠡᠮᠴᠢ ᠪᠦᠯᠬᠦᠮ ᠪᠠᠶᠢᠭᠤᠯᠤᠨ᠂ ᠭᠡᠷ᠎ᠡ ᠲᠣᠭᠲᠠᠭᠰᠠᠨ ᠲᠤᠭ᠎ᠠ ᠬᠡᠮᠵᠢᠶ᠎ᠡ᠂ ᠶᠠᠰᠤ ᠴᠢᠨᠠᠷ ᠢ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠯᠤᠭ᠎ᠠ ᠬᠤᠯᠪᠣᠭᠳᠠᠭᠤᠯᠵᠤ᠂ ᠠᠵᠢᠯᠲᠠᠳ ᠤᠨ ᠭᠡᠷ᠎ᠡ ᠲᠣᠭᠲᠠᠬᠤ ᠢᠳᠡᠪᠬᠢᠵᠢᠯ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃      ᠲᠦᠷᠦᠭᠦᠬᠡᠨ ᠪᠢᠨ ᠾᠧ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ  ᠤ ᠲᠥᠪ ᠠᠴᠠ ᠣᠶᠢᠯᠭᠠᠭᠰᠠᠨ ᠨᠢ᠂ ᠲᠣᠰ ᠬᠠᠷᠢᠶ᠎ᠠ ᠣᠷᠣᠨ ᠤ ᠡᠩ ᠤᠨ ᠬᠥᠮᠦᠰ ᠤᠨ ᠭᠡᠷ᠎ᠡ ᠲᠣᠭᠲᠠᠬᠤ ᠤᠶᠢᠯᠡᠴᠢᠯᠡᠭᠡᠨ ᠤ ᠨᠣᠷᠮ᠎ᠠ 39.7 %᠎ ᠳᠤ ᠬᠦᠷᠴᠦ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠬᠤ ᠤᠶᠢᠯᠡᠴᠢᠯᠡᠭᠡᠨ ᠤ ᠨᠣᠷᠮ᠎ᠠ 83.4 %᠎ ᠳᠤ ᠬᠦᠷᠴᠡᠶ᠃ ᠤᠶᠢᠯᠡᠴᠢᠯᠡᠭᠡᠨ ᠤ ᠲᠥᠪ ᠤᠨ ᠡᠷᠬᠢᠯᠡᠭᠴᠢ ᠪᠠᠶ ᠯᠢ ᠫᠢᠩ ᠲᠠᠨᠢᠯᠴᠠᠭᠤᠯᠬᠤ ᠳᠠᠭᠠᠨ᠂ ᠡᠨᠡ ᠵᠢᠯ ᠤᠨ 6 ᠰᠠᠷ᠎ᠠ ᠳᠤ ᠪᠦᠯᠬᠦᠮ ᠤᠨ ᠪᠦᠷᠢᠯᠳᠦᠬᠦᠨ ᠪᠣᠯᠤᠭᠰᠠᠨ ᠠᠴᠠ ᠨᠠᠰᠢ᠂ ᠭᠡᠷ ᠪᠦᠯᠢ ᠶᠢᠨ ᠭᠡᠷᠡᠲᠦ ᠤᠶᠢᠯᠡᠴᠢᠯᠡᠭᠡ  ᠮᠠᠰᠢ ᠰᠠᠶᠢᠨ ᠦᠷ᠎ᠡ ᠪᠦᠲᠦᠮᠵᠢ ᠣᠯᠵᠤ᠂ ᠡᠭᠦᠳᠡᠨ ᠡᠮᠨᠡᠯᠭᠡ ᠶᠢᠨ ᠣᠨᠣᠰᠢᠯᠠᠨ ᠡᠮᠨᠡᠬᠦ ᠬᠡᠮᠵᠢᠶ᠎ᠡ ᠶᠡᠭᠡ ᠬᠡᠮᠵᠢᠶ᠎ᠡ ᠪᠠᠷ ᠳᠡᠭᠡᠭᠰᠢᠯᠡᠵᠡᠶ᠃ ︽ᠪᠢᠳᠡ ᠤᠤᠯ ᠨᠢ ᠭᠠᠭᠴᠠᠭᠠᠷ ᠢᠶᠠᠨ ᠪᠠᠶᠢᠯᠳᠤᠵᠤ ᠪᠠᠶᠢᠭᠰᠠᠨ ᠠᠴᠠ ᠭᠡᠷ ᠪᠦᠯᠢ ᠶᠢᠨ ᠭᠡᠷ᠎ᠡ ᠲᠣᠭᠲᠠᠬᠤ ᠵᠠᠭᠪᠤᠷ ᠢᠶᠠᠨ ᠪᠦᠯᠬᠦᠮ ᠨᠡᠶᠢᠲᠡ ᠶᠢᠨ ᠪᠠᠶᠢᠯᠳᠤᠭᠠᠨ ᠬᠢᠬᠦ ᠵᠠᠭᠪᠤᠷ ᠪᠣᠯᠭᠠᠨ ᠬᠤᠪᠢᠷᠠᠭᠤᠯᠵᠤ᠂ ᠤᠤᠯ ᠤᠨ ᠡᠭᠦᠳᠡᠨ ᠡᠮᠨᠡᠯᠭᠡ ᠳᠤ ᠰᠠᠭᠤᠵᠤ ᠪᠠᠶᠢᠭᠰᠠᠨ ᠠᠴᠠ ᠡᠪᠡᠳᠴᠢᠲᠡᠨ ᠤ ᠭᠡᠷ ᠲᠦᠨᠢ ᠬᠦᠷᠴᠦ  ᠦᠢᠯᠡᠴᠢᠯᠡᠵᠦ᠂ ᠣᠯᠠᠨ ᠲᠦᠮᠡᠨ ᠳᠤ ᠨᠠᠩ ᠰᠠᠶᠢᠨ ᠤᠶᠢᠯᠡᠴᠢᠯᠡᠭᠦᠯᠵᠤ᠂ ᠣᠯᠠᠨ ᠲᠦᠮᠡᠨ ᠳᠤ ᠨᠠᠩ ᠰᠠᠶᠢᠨ ᠤᠶᠢᠯᠡᠴᠢᠯᠡᠭᠦᠯᠤᠨ᠎ᠡ᠃︾ ᠪᠠᠶ ᠯᠢ ᠫᠢᠩ ᠬᠡᠯᠡᠬᠦ ᠳᠡᠭᠡᠨ᠂ ︽ᠲᠠᠷᠠᠭᠠᠴᠢ ᠶᠢᠨ ᠠᠯᠬᠤᠮ ᠳᠤ᠂ ᠪᠢᠳᠡ ᠤᠶᠢᠯᠡᠴᠢᠯᠡᠭᠡᠨ‌‍ᠤ ᠪᠦᠯᠬᠦᠮ ᠨᠡᠶᠢᠲᠡ ᠶᠢ ᠬᠥᠮᠦᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠡᠷᠡᠲᠦ ᠤᠶᠢᠯᠡᠴᠢᠯᠡᠭᠡᠨ ᠤ ᠪᠦᠯᠬᠦᠮ ᠨᠡᠶᠢᠲᠡ ᠶᠢ ᠨᠠᠩ ᠰᠠᠶᠢᠲᠤᠷ ᠨᠠᠷᠢᠯᠢᠭ ᠬᠢᠨ᠎ᠡ᠃ ᠡᠭᠦᠨ ᠠᠴᠠ ᠭᠠᠳᠠᠨ᠎ᠠ᠂ ᠪᠢᠳᠡ ᠶᠠᠭ ᠪᠠᠶᠢᠴᠠᠭᠠᠨ ᠰᠢᠯᠭᠠᠬᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠪᠣᠢ ᠪᠦᠬᠦᠢ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠦᠨᠳᠦᠰᠦᠨ ᠱᠠᠲᠤᠨ ᠤ ᠤᠶᠢᠯᠡᠴᠢᠯᠡᠭᠡᠨ ᠤ ᠲᠠᠪᠴᠠᠩ ᠲᠠᠢ ᠵᠣᠯᠭᠠᠭᠤᠯᠵᠤ᠂ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠵᠦ᠂ ᠰᠠᠭᠤᠭᠠᠯᠢ ᠠᠷᠠᠳ ᠢ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠤᠬᠠᠮᠰᠠᠷ ᠲᠠᠢ ᠪᠣᠯᠭᠠᠬᠤ ᠳᠤ ᠳᠥᠭᠦᠮ ᠪᠣᠯᠭᠠᠨ᠎ᠠ᠃      ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠿᠢ ᠶᠦᠩ᠄ ︽ᠭᠡᠷ᠎ᠡ ᠲᠣᠭᠲᠠᠬᠤ ᠤᠶᠢᠯᠡᠴᠢᠯᠡᠭᠡ ᠶᠢ ᠦᠨᠡᠬᠡᠷ ᠰᠠᠶᠢᠨ ᠬᠢᠵᠦ᠂ ᠡᠮᠴᠢ ᠰᠤᠪᠢᠯᠠᠭᠴᠢ ᠶᠢᠨ ᠬᠡᠪ ᠴᠢᠨᠠᠷ ᠨᠡᠶᠢᠳᠡᠮ ᠳᠡᠭᠡᠨ ᠨᠡᠯᠢᠶᠡᠳ ᠥᠨᠳᠥᠷ ᠪᠠᠶᠢᠵᠤ᠂ ᠡᠪᠡᠳᠴᠢᠲᠡᠨ ᠳᠤ ᠨᠠᠷᠢᠨ ᠬᠢᠨᠠᠮᠠᠭᠠᠶ ᠬᠠᠷᠢᠭᠤᠴᠠᠵᠤ᠂ ᠲᠣᠭᠤᠷᠢᠭ ᠤᠨ ᠡᠮᠨᠡᠯᠭᠡ ᠶᠡᠭᠡ ᠰᠠᠶᠢᠠ ᠪᠠᠶᠢᠨ᠎ᠠ᠃      ᠣᠶᠢᠯᠠᠭᠠᠭᠰᠠᠨ ᠢᠶᠠᠷ᠂ ᠪᠢᠨ ᠾᠧ ᠨᠡᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠨᠢ ᠪᠠᠰᠠ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠲᠤᠰᠬᠠᠶ ᠮᠡᠷᠭᠡᠵᠢᠯᠲᠡᠨ ᠢ ᠲᠥᠪ ᠲᠤ ᠣᠴᠢᠭᠤᠯᠵᠤ ᠲᠤᠷᠰᠢᠨ ᠵᠢᠭᠠᠨ ᠰᠤᠷᠭᠠᠵᠤ᠂ ᠪᠦᠯᠬᠦᠮ ᠤᠨ ᠤᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠡᠭᠦᠨ ᠤ ᠳᠤ ᠬᠠᠮᠲᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ 66 ᠵᠤᠷᠪᠤᠰ ᠲᠠᠬᠢ ᠦᠨᠳᠦᠰᠦᠨ ᠤᠷ᠎ᠠ ᠴᠢᠳᠠᠪᠤᠷᠢ ᠶᠢ ᠰᠠᠭᠤᠭᠠᠯᠢ ᠠᠷᠠᠳ ᠲᠤ ᠳᠠᠮᠵᠢᠭᠤᠯᠵᠤ᠂ ᠰᠠᠭᠤᠭᠠᠯᠢ ᠠᠷᠠᠳ ᠲᠤ ᠦᠨᠳᠦᠰᠦᠨ ᠤᠷ᠎ᠠ ᠴᠢᠳᠠᠪᠤᠷᠢ ᠶᠢ ᠪᠦᠷᠢᠯᠳᠦᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠪᠣᠶ ᠪᠣᠯᠭᠠᠵᠤ᠂ ᠵᠢᠩᠬᠢᠨᠢ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ︽ᠡᠭᠦᠳᠡ ᠰᠠᠬᠢᠭᠴᠢ︾ ᠪᠣᠯᠭᠠᠨ᠎ᠠ᠃      ᠰᠢᠨ ᠬᠤᠸᠠ ᠪᠠᠷᠠᠭᠤᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠨᠢ ᠬᠥᠮᠦᠨ ᠠᠮᠠ ᠶᠢᠨ ᠲᠠᠷᠬᠠᠯᠲᠠ ᠶᠢᠨ ᠣᠨᠴᠠᠯᠢᠭ ᠢ ᠦᠨᠳᠦᠰᠦᠯᠡᠨ᠂ ᠬᠠᠷᠢᠶᠠᠲᠤ ᠣᠷᠣᠨ ᠤ ᠳᠣᠲᠣᠷᠠᠬᠢ 4 ᠰᠠᠭᠤᠭᠠᠯᠢ ᠠᠷᠠᠳ ᠤᠨ ᠵᠥᠪᠯᠡᠯ ᠢᠶᠠᠷ ᠠᠴᠢᠶᠠᠯᠠᠪᠤᠷᠢ ᠪᠣᠯᠭᠠᠵᠤ᠂ ᠵᠠᠰᠠᠭ ᠵᠠᠬᠢᠷᠭᠠᠨ ᠤ ᠣᠷᠣᠨ ᠨᠢᠭᠡᠪᠦᠷᠢ ᠶᠢᠨ ︽ᠰᠦᠯᠵᠢᠶᠡᠵᠢᠭᠦᠯᠬᠦ︾᠎ ᠶᠢᠨ ᠬᠠᠮᠲᠤ᠂ ︽ᠨᠢᠭᠡ ᠶᠡᠷᠦᠩᠬᠡᠶ ᠰᠠᠯᠠᠭᠠᠨ ᠤ ᠡᠮᠴᠢ᠂ ᠨᠢᠭᠡ ᠰᠤᠪᠢᠯᠠᠭᠴᠢ᠂ ᠬᠤᠶᠠᠷ ᠠᠵᠢᠯᠲᠠᠨ︾᠎ ᠢᠶᠠᠷ ᠭᠤᠤᠯ ᠪᠣᠯᠭᠠᠭᠰᠠᠨ ︽ᠨᠢᠭᠡ ᠤᠶᠢᠯᠡᠴᠢᠯᠡᠭᠡᠨ  ᠤ ᠪᠦᠯᠬᠦᠮ︾᠎ ᠢ ᠪᠦᠷᠢᠯᠳᠦᠭᠦᠯᠵᠦ᠂ ᠪᠥᠬᠦ ᠲᠠᠯ᠎ᠠ ᠪᠠᠷ ᠤᠶᠢᠯᠡᠴᠢᠯᠡᠭᠡ ᠬᠠᠩᠭᠠᠨ᠎ᠠ᠃     ᠰᠠᠭᠤᠭᠠᠯᠢ ᠠᠷᠠᠳ ᠭᠦᠸᠧ ᠰᠢᠤ ᠵᠧᠨ ᠡᠨᠡ ᠵᠢᠯ 78 ᠨᠠᠰᠤᠲᠠᠶ᠂ ᠡᠩ ᠤᠨ ᠦᠶ᠎ᠡ ᠳᠤ ᠭᠠᠭᠴᠠᠭᠠᠷ ᠢᠶᠠᠨ ᠰᠠᠭᠤᠵᠤ᠂ ᠴᠢᠰᠤᠨ ᠳᠠᠷᠤᠯᠲᠠ ᠥᠨᠳᠥᠷ ᠪᠠᠶᠢᠳᠠᠭ᠃ ᠭᠡᠷ᠎ᠡ ᠲᠣᠭᠲᠠᠭᠰᠠᠨ ᠤ ᠳᠠᠷᠠᠭ᠎ᠠ᠂ ᠸᠠᠩ ᠬᠤᠢ ᠯᠢ ᠪᠣᠯᠤᠨ ᠯᠢᠦ ᠼᠠᠢ ᠰᠢᠶᠠ ᠬᠤᠶᠠᠷ ᠡᠮᠴᠢ ᠦᠷᠭᠦᠯᠵᠢ ᠨᠠᠰᠤᠲᠠᠨ ᠤ ᠪᠠᠨ ᠳᠤᠮᠳᠠ ᠬᠦᠷᠴᠦ᠂ ᠲᠡᠭᠦᠨ ᠤ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠵᠤ ᠦᠭᠴᠦ᠂ ᠨᠠᠰᠤᠲᠠᠨ ᠳᠤ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢᠶᠠᠨ ᠪᠠᠲᠤᠯᠠᠭᠠᠷᠠᠶ ᠭᠡᠵᠦ ᠵᠠᠬᠢᠪᠠ᠃    ᠡᠨᠡ ᠬᠤᠶᠠᠷ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠤᠨ ᠬᠢᠳᠡᠯ ᠨᠢ ᠵᠥᠪᠬᠡᠨ ᠬᠠᠶᠢᠷᠤᠪ ᠤᠨ ᠲᠣᠬᠤᠢ ᠲᠣᠭᠤᠷᠢᠭ ᠤᠨ ᠭᠡᠷ᠎ᠡ ᠲᠣᠭᠲᠠᠵᠤ ᠤᠶᠢᠯᠡᠴᠢᠯᠡᠬᠦ ᠠᠵᠢᠯ ᠶᠢᠨ ᠬᠤᠷᠢᠶᠠᠩᠭᠤᠶ ᠳᠦᠷᠰᠦ ᠲᠡᠳᠦᠶ ᠶᠤᠮ᠃ ᠤᠶᠢᠯᠡᠴᠢᠯᠡᠭᠡᠨ ᠤ ᠠᠵᠢᠯ ᠤᠨ ᠤᠷᠤᠭᠰᠢᠲᠠᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ L E D ᠡᠯᠧᠺᠲᠷᠣᠨ ᠳᠡᠯᠭᠡᠴᠡ᠂︽ᠰᠠᠭᠤᠭᠠᠯᠢ ᠠᠷᠠᠳ ᠲᠤ ᠨᠢᠭᠡ ᠬᠠᠭᠤᠳᠠᠰᠤ ᠵᠠᠬᠢᠳᠠᠯ︾ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠷᠦᠬᠡ ᠳᠤ ᠣᠷᠣᠬᠤ ᠵᠡᠷᠭᠡ ᠬᠡᠯᠪᠡᠷᠢ ᠪᠠᠷ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠤᠬᠠᠭᠤᠯᠭ᠎ᠠ ᠬᠢᠵᠦ᠂ ᠭᠡᠷ᠎ᠡ ᠲᠣᠭᠲᠠᠬᠤ ᠶᠢᠨ ᠬᠠᠮᠲᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡ ᠪᠠ ᠭᠡᠷ᠎ᠡ ᠲᠣᠭᠲᠠᠬᠤ ᠤᠶᠢᠯᠡᠴᠢᠯᠡᠭᠡᠨ ᠤ ᠠᠭᠤᠯᠭ᠎ᠠ ᠶᠢ ᠮᠡᠳᠡᠭᠳᠡᠨ᠎ᠡ︔ ᠭᠡᠷ᠎ᠡ ᠲᠣᠭᠲᠠᠬᠤ ᠤᠶᠢᠯᠡᠴᠢᠯᠡᠭᠡᠨ ᠤ ᠬᠡᠪ ᠵᠠᠭᠪᠤᠷ ᠪᠠ ᠤᠶᠢᠯᠡᠴᠢᠯᠡᠭᠡᠨ ᠤ ᠣᠶᠢᠯᠠᠭᠠᠭᠳᠠᠬᠤᠨ ᠢᠶᠠᠷ ᠳᠠᠮᠵᠢᠭᠤᠯᠤᠨ᠂ ᠭᠡᠷ᠎ᠡ ᠲᠣᠭᠲᠠᠬᠤ ᠪᠣᠯ ᠨᠢᠭᠡ ᠵᠤᠶᠢᠯ ᠤᠨ ᠬᠡᠯᠪᠡᠷᠢ ᠪᠢᠰᠢ᠂ ᠨᠠᠩ ᠴᠤ ᠨᠢᠭᠡ ᠵᠤᠶᠢᠯ ᠤᠨ ᠬᠠᠷᠢᠭᠤᠴᠠᠯᠭ᠎ᠠ ᠮᠥᠨ ᠭᠡᠳᠡᠭ ᠢ ᠲᠡᠳᠡᠨ ᠳᠤ ᠣᠶᠢᠯᠠᠭᠠᠭᠤᠯᠵᠤ᠂ ᠲᠡᠳᠡᠨ ᠤ ᠢᠳᠡᠪᠬᠢᠵᠢᠯ ᠢ ᠨᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠩ ᠰᠠᠶᠢᠲᠤᠷ ᠤᠶᠢᠯᠡᠴᠢᠯᠡᠭᠦᠯᠤᠨ᠎ᠡ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠤᠶᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠲᠤ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠠᠷ ᠲᠥᠪ ᠪᠣᠯᠭᠠᠵᠤ᠂ ᠵᠠᠰᠠᠭ ᠤᠨ ᠣᠷᠳᠣᠨ ᠠᠴᠠ ᠡᠷᠬᠢᠯᠡᠭᠰᠡᠨ 5 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠬᠠᠮᠤᠷᠤᠭᠰᠠᠨ ᠣᠷᠣᠨ ᠪᠦᠰᠡ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠠᠴᠠ ᠭᠤᠤᠯᠯᠠᠭᠴᠢ ᠶᠡᠭᠡ ᠡᠮᠴᠢ ᠶᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠲᠣᠮᠢᠯᠠᠨ ᠤᠷᠲᠤ ᠬᠤᠭᠤᠴᠠᠭ᠎ᠠ ᠪᠠᠷ ᠡᠪᠡᠳᠴᠢᠨ ᠦᠵᠡᠭᠦᠯᠵᠦ᠂ 5 ᠡᠮᠴᠢᠯᠡᠭᠡᠨ ᠤ ᠮᠡᠷᠭᠡᠵᠢᠯ ᠤᠨ ᠤᠶᠢᠯᠡᠴᠢᠯᠡᠭᠡᠨ ᠤ ᠠᠩᠭᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠲᠣᠭᠤᠷᠢᠨ ᠡᠮᠴᠢᠯᠡᠬᠦ᠂ ᠡᠭᠡᠯᠵᠢᠯᠡᠨ ᠡᠮᠨᠡᠬᠦ ᠠᠵᠢᠯᠯᠠᠭ᠎ᠠ ᠥᠷᠨᠢᠭᠦᠯᠵᠦ᠂ ᠡᠪᠡᠳᠴᠢᠲᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠵᠦ᠂ ᠰᠠᠭᠤᠭᠠᠯᠢ ᠠᠷᠠᠳ ᠢ ᠭᠡᠷ ᠤᠨ ᠡᠭᠦᠳᠡᠨ ᠳᠤᠨᠢ ᠢᠲᠡᠭᠡᠮᠵᠢᠲᠡᠶ ᠡᠮᠴᠢ ᠶᠢ ᠡᠷᠢᠨ ᠣᠯᠵᠤ᠂ ᠣᠯᠠᠨ ᠲᠦᠮᠡᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠤᠬᠠᠶ ᠢᠲᠡᠭᠡᠯ ᠢ ᠲᠠᠰᠤᠷᠠᠯᠲᠠ ᠦᠭᠡᠢ ᠨᠡᠮᠡᠭᠳᠡᠭᠦᠯᠵᠦ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号