ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠯᠲᠠ ᠬᠠᠶᠢᠷᠤᠪ  ᠤᠨ ᠲᠤᠬᠤᠢ ᠲᠤᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2019-12-10
     12 ᠰᠠᠷ᠎ᠠ ᠶᠢᠨ 5᠎ ᠤ ᠦᠳᠡ ᠬᠤᠶᠢᠨ᠎ᠠ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠯᠧᠺᠲ᠋ᠣᠷ ᠤᠨ ᠪᠦᠯᠬᠦᠮ ᠤᠨ ᠪᠦᠷᠢᠯᠳᠦᠬᠦᠨ ᠪᠠ ᠤᠬᠠᠭᠤᠯᠬᠤ ᠭᠡᠰᠢᠭᠦᠨ ᠢ ᠨᠡᠶᠢᠲᠡ 30 ᠭᠠᠷᠤᠶ ᠬᠥᠮᠦᠨ ᠵᠣᠬᠢᠶᠠᠨ ᠪᠠᠶᠢᠭᠤᠯᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ︾᠎ ᠶᠢᠨ ᠬᠥᠮᠦᠵᠢᠯ ᠤᠨ ᠵᠢᠭᠰᠠᠭᠠᠯ ᠤᠨ ᠭᠠᠵᠠᠷ ᠲᠤ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠲᠤ᠂ ᠲᠠᠶᠢᠯᠪᠤᠷᠢᠯᠠᠭᠴᠢ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠣᠳᠣ ᠶᠢᠨ ᠠᠭᠤᠯᠭ᠎ᠠ ᠪᠠᠷ ᠳᠠᠮᠵᠢᠭᠤᠯᠤᠨ᠂ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠬᠤᠯᠪᠣᠭᠳᠠᠯ ᠪᠦᠬᠦᠢ ᠠᠭᠤᠯᠭ᠎ᠠ ᠶᠢ ᠤᠶᠠᠯᠳᠤᠭᠤᠯᠵᠤ᠂ ᠦᠵᠡᠭᠦᠯᠦᠯᠭᠡ ᠶᠢᠨ ᠲᠢᠩᠬᠢᠮ ᠳᠡᠯᠭᠡᠴᠡ ᠪᠠᠷ ᠬᠠᠮᠢᠶ᠎ᠠ ᠪᠦᠬᠦᠢ ppT᠎ ᠢ ᠣᠷᠴᠢᠯᠳᠤᠭᠤᠯᠤᠨ ᠨᠡᠪᠲᠡᠷᠡᠭᠦᠯᠵᠦ᠂ ᠳᠥᠭᠦᠮ ᠣᠶᠢᠯᠠᠭᠠᠮᠵᠢᠲᠠᠶ ᠬᠡᠯᠪᠡᠷᠢ ᠪᠠᠷ ᠣᠯᠠᠨ ᠳᠤ ᠭᠦᠨᠵᠡᠭᠡᠶ ᠤᠶᠢᠯᠭᠠᠭᠤᠯᠵᠤ᠂ ᠣᠶᠤᠨ ᠰᠠᠨᠠᠭᠠᠨ ᠤ ᠠᠭᠤᠯᠤᠭᠳᠠᠬᠤᠨ ᠢ ᠬᠠᠶᠢᠷᠤᠪ ᠤᠨ ᠪᠤᠯᠤᠩ ᠲᠣᠭᠤᠷᠢᠭ ᠲᠤ ᠨᠠᠩ ᠰᠠᠶᠢᠲᠤᠷ ᠬᠦᠷᠲᠡᠭᠡᠪᠡ᠃       ᠳᠠᠷᠠᠭᠠᠴᠢ ᠶᠢᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠠᠴᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠳᠤ ᠲᠠᠶᠢᠯᠪᠤᠷᠢ ᠬᠢᠵᠦ᠂ ᠤᠬᠠᠭᠤᠯᠤᠨ ᠲᠠᠶᠢᠯᠪᠤᠷᠢᠯᠠᠬᠤ ᠭᠤᠤᠯᠳᠠᠯᠭ᠎ᠠ᠂ ᠤᠬᠠᠭᠤᠯᠤᠨ ᠲᠠᠶᠢᠯᠪᠤᠷᠢᠯᠠᠬᠤ ᠪᠠᠷᠢᠮᠵᠢᠶ᠎ᠠ᠂ ᠤᠬᠠᠭᠤᠯᠤᠨ ᠲᠠᠶᠢᠯᠪᠤᠷᠢᠯᠠᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠯᠧᠺᠲ᠋ᠣᠷ ᠤᠨ ᠪᠦᠯᠬᠦᠮ ᠤᠨ ᠪᠦᠷᠢᠯᠳᠦᠬᠦᠨ ᠨᠡᠷ ᠬᠠᠮᠲᠤ ᠪᠠᠷ ᠬᠢᠴᠢᠶᠡᠯ ᠪᠡᠯᠡᠳᠬᠡᠪᠡ︔ ︽ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠠᠵᠢᠯ ᠶᠢᠨ ᠨᠠᠷᠢᠨ ᠳᠦᠷᠢᠮ︾᠎ ᠤᠨ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠤᠯᠠᠮᠵᠢᠯᠠᠪᠠ︔ ᠪᠡᠭᠡᠵᠢᠩ ᠳᠤ ᠬᠦᠷᠴᠦ ᠪᠣᠯᠪᠠᠰᠤᠷᠠᠯ ᠳᠤ ᠣᠷᠣᠯᠴᠠᠭᠰᠠᠨ ᠯᠧᠺᠲ᠋ᠣᠷ ᠤᠨ ᠪᠦᠯᠬᠦᠮ ᠤᠨ ᠪᠦᠷᠢᠯᠳᠦᠬᠦᠨ᠂ ᠬᠠᠢᠪᠧᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠭᠡᠰᠢᠭᠦᠨ ᠠᠴᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ ᠬᠢᠪᠡ᠃      ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠭᠡᠰᠢᠭᠦᠨ ᡂᠢ ᠮᠢᠩ ᠶᠠᠨ᠂ ᠡᠨᠡ ᠤᠳᠠᠭ᠎ᠠ ᠶᠢᠨ ᠰᠤᠷᠤᠯᠴᠠᠯᠭ᠎ᠠ ᠪᠠᠷ ᠳᠠᠮᠵᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠶ ᠰᠢᠨ᠎ᠡ ᠭᠦᠨᠵᠡᠭᠡᠶ ᠲᠠᠨᠢᠯᠲᠠ ᠲᠠᠢ ᠪᠣᠯᠪᠠ᠂ ᠤᠬᠠᠭᠤᠯᠬᠤ ᠠᠵᠢᠯᠲᠠᠨ ᠪᠣᠯᠤᠭᠰᠠᠨ ᠤ ᠬᠤᠪᠢ ᠳᠤ᠂ ᠤᠶᠢᠷ᠎ᠠ ᠶᠢᠨ ᠬᠤᠭᠤᠴᠠᠭᠠᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ ᠤᠬᠠᠭᠤᠯᠤᠨ ᠰᠤᠷᠤᠯᠴᠠᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠪᠣᠳᠠᠲᠠᠶ᠂ ᠳᠥᠭᠦᠮ ᠣᠶᠢᠯᠠᠭᠠᠮᠵᠢᠲᠠᠶ ᠠᠷᠠᠳ ᠣᠯᠠᠨ ᠤ ᠰᠡᠳᠬᠢᠯ ᠳᠤ ᠳᠠᠮᠵᠢᠭᠤᠯᠬᠤ ᠬᠡᠷᠡᠭᠲᠡᠶ ᠭᠡᠵᠦ ᠢᠯᠡᠳᠬᠡᠪᠡ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠪᠦᠷᠢᠯᠳᠦᠬᠦᠨ ᠨᠡᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠨ ᠠᠳᠬᠤᠵᠤ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠨ᠎ᠡ ᠬᠡᠯᠪᠡᠷᠢ ᠪᠠᠷ ᠠᠴᠢᠶᠠᠯᠠᠪᠤᠷᠢ ᠪᠣᠯᠭᠠᠨ ᠪᠦᠬᠦ ᠲᠤᠭᠤᠷᠢᠭ ᠲᠤ ᠬᠠᠨᠳᠤᠭᠤᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠦᠨ᠎ᠡ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号