ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-12-11
     12 ᠰᠠᠷ᠎ᠠ ᠶᠢᠨ 9᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠵᠢᠯᠣᠭᠤᠳᠬᠤ ᠵᠢᠷᠭᠤᠳᠤᠭᠠᠷ ᠲᠤᠭᠤᠶᠢᠯᠠᠩ ᠸᠧᠶ ᠭᠦᠸᠧ ᠴᠢᠩ ᠪᠣᠯᠤᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠨ ᠵᠢᠯᠣᠭᠤᠳᠴᠤ᠂ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠵᠢᠯᠣᠭᠤᠳᠬᠤ ᠨᠢᠭᠡᠳᠦᠭᠡᠷ ᠲᠤᠭᠤᠶᠢᠯᠠᠩ ᠤᠨ ᠳᠠᠷᠤᠭ᠎ᠠ ᠦᠨᠡᠯᠡᠯᠲᠡ ᠬᠢᠵᠦ ᠶᠠᠷᠢᠶ᠎ᠠ ᠲᠠᠯᠪᠢᠪᠠ᠃      ᠬᠠᠶᠢᠷᠤᠪ ᠤᠨ ᠲᠣᠬᠤᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭ᠎ᠠ ᠶᠢᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠵᠢᠯᠣᠭᠤᠳᠬᠤ ᠵᠢᠷᠭᠤᠳᠤᠭᠠᠷ ᠲᠤᠭᠤᠶᠢᠯᠠᠩ᠂ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠵᠢᠯᠣᠭᠤᠳᠬᠤ ᠲᠤᠭᠤᠶᠢᠯᠠᠩ ᠤᠨ ᠵᠢᠯᠣᠭᠤᠳᠤᠯᠭ᠎ᠠ ᠪᠠ ᠬᠠᠪᠰᠤᠷᠤᠯᠭ᠎ᠠ ᠳᠣᠤᠷ᠎ᠠ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠦᠯ ᠢ ᠲᠣᠭᠲᠠᠭᠠᠵᠤ᠂ ᠰᠤᠷᠤᠯᠴᠠᠯᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠭᠦᠨᠵᠡᠭᠡᠶ ᠶᠠᠷᠢᠯᠴᠠᠵᠤ᠂ ᠤᠳᠤᠷᠢᠳᠬᠤ ᠪᠠᠭ ᠪᠣᠯᠤᠨ ᠬᠤᠪᠢ ᠬᠥᠮᠦᠨ ᠤ ᠪᠠᠶᠢᠴᠠᠭᠠᠨ ᠦᠵᠡᠬᠦ ᠮᠠᠲ᠋ᠧᠷᠢᠶᠠᠯ ᠢ ᠨᠠᠷᠢᠨ ᠬᠢᠨᠠᠮᠠᠭᠠᠶ ᠪᠢᠴᠢᠵᠦ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠠᠤᠡ ᠪᠡᠯᠡᠳᠬᠡᠯ ᠬᠢᠵᠦ᠂ ᠪᠠᠲᠤ ᠪᠠᠬᠢ ᠰᠠᠭᠤᠷᠢ ᠶᠢ ᠲᠠᠯᠪᠢᠪᠠ᠃     ᠬᠤᠷᠠᠯ ᠠᠴᠠ 2018 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠭᠰᠡᠨ ᠪᠥᠭᠡᠳ ᠬᠤᠪᠢ ᠬᠥᠮᠦᠨ ᠲᠦᠷᠦᠭᠦᠯᠡᠨ ᠪᠠᠶᠢᠴᠠᠭᠠᠯᠲᠠ ᠬᠢᠵᠡᠶ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠪᠠᠶᠢᠴᠠᠭᠠᠨ ᠦᠵᠡᠵᠦ᠂ ᠪᠤᠰᠤᠳ ᠪᠦᠷᠢᠯᠳᠦᠬᠦᠨ ᠳᠡᠰ ᠳᠠᠷᠠᠭᠠᠯᠠᠨ ᠲᠡᠭᠦᠨ ᠳᠤ ᠰᠠᠨᠠᠯ ᠥᠭᠪᠡ᠃ ᠣᠯᠠᠨ ᠢᠶᠠᠷ ᠢᠶᠠᠨ ᠭᠤᠤᠯ ᠰᠡᠳᠦᠪ ᠢᠶᠠᠨ ᠲᠣᠭᠲᠠᠭᠠᠵᠤ᠂ ᠪᠣᠳᠠᠲᠠᠶ ᠲᠠᠢ ᠤᠶᠠᠯᠳᠤᠭᠤᠯᠤᠨ᠂ ᠥᠪᠡᠷ ᠤᠨ ᠪᠡᠶ᠎ᠡ ᠪᠠᠷ ᠢᠶᠠᠨ ᠣᠷᠣᠯᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠠᠤᠡᠭᠡᠵᠤ᠂ ᠠᠵᠢᠯ ᠢᠶᠠᠨ ᠬᠢᠵᠦ᠂ ᠭᠦᠨᠵᠡᠭᠡᠶ‌‍ᠪᠠᠶᠢᠴᠠᠭᠠᠨ ᠦᠵᠡᠵᠦ᠂ ᠴᠢᠩᠭ᠎ᠠ ᠨᠢᠮᠪᠠᠶ ᠥᠪᠡᠷ ᠤᠨ ᠰᠢᠭᠦᠮᠵᠢᠯᠡᠯ ᠬᠢᠵᠦ᠂ ᠴᠡᠭᠴᠡᠯᠡᠨ ᠰᠠᠶᠢᠵᠢᠷᠠᠭᠤᠯᠬᠤ ᠣᠪᠣᠷ ᠢᠶᠠᠨ ᠲᠣᠳᠣᠷᠬᠠᠶ ᠢᠯᠡᠷᠡᠭᠦᠯᠵᠦ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠴᠢᠬᠤᠯᠠ ᠦᠷ᠎ᠡ ᠪᠦᠲᠦᠭᠡᠯ ᠣᠯᠵᠤ᠂ ᠵᠢᠱᠢᠭᠰᠡᠨ ᠵᠣᠷᠢᠯᠭ᠎ᠠ ᠳᠠᠭᠠᠨ ᠬᠦᠷᠴᠡᠶ᠃     ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠵᠢᠯᠣᠭᠤᠳᠬᠤ ᠨᠢᠭᠡᠳᠦᠭᠡᠷ ᠲᠤᠭᠤᠶᠢᠯᠠᠩ ᠤᠨ ᠳᠠᠷᠤᠭ᠎ᠠ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠨᠢ ᠯᠠᠪᠳᠠᠭᠤᠨ ᠪᠠᠲᠤᠲᠠᠶ ᠭᠦᠢᠴᠠᠤᠡ ᠪᠠᠶᠢᠵᠤ᠂ ᠠᠰᠠᠭᠤᠳᠠᠯ ᠢ ᠪᠠᠶᠢᠴᠠᠭᠠᠨ ᠳᠡᠯᠭᠡᠬᠦ ᠨᠢ ᠪᠦᠬᠦ ᠲᠠᠯ᠎ᠠ ᠪᠠᠷ ᠪᠤᠰᠤᠳᠴᠢ ᠪᠠᠷ ᠢᠯᠡᠷᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠪᠣᠳᠠᠲᠠᠶ ᠪᠥᠭᠡᠳ ᠬᠡᠷᠡᠭᠵᠢᠭᠦᠯᠦᠭᠦᠰᠢᠲᠡᠶ ᠪᠠᠶᠢᠵᠤ᠂ ᠬᠤᠷᠠᠯ ᠤᠨ ᠠᠭᠤᠷ ᠠᠮᠢᠰᠬᠤᠯ ᠲᠥᠪ ᠴᠢᠩᠭ᠎ᠠ ᠨᠠᠷᠢᠨ ᠬᠢᠨᠠᠮᠠᠭᠠᠶ ᠪᠠᠶᠢᠵᠤ᠂ ᠵᠢᠱᠢᠭᠰᠡᠨ ᠦᠷ᠎ᠡ ᠳ᠋ᠦᠩ ᠳᠤ ᠬᠦᠷᠴᠡᠶ ᠭᠡᠵᠦ ᠵᠢᠭᠠᠵᠤ ᠭᠠᠷᠭᠠᠪᠠ᠃ ᠳᠠᠷᠠᠭᠠᠴᠢ ᠶᠢᠨ ᠠᠯᠬᠤᠮ ᠳᠤ᠂ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠶᠢ ᠴᠢᠬᠤᠯᠠ ᠶᠡᠭᠡ ᠤᠯᠤᠰ ᠲᠥᠷᠦ ᠶᠢᠨ ᠬᠠᠷᠢᠭᠤᠴᠠᠯᠭ᠎ᠠ᠂ ᠤᠷᠲᠤ ᠬᠤᠭᠤᠴᠠᠭᠠᠨ ᠤ ᠤᠯᠤᠰ ᠲᠥᠷᠦ ᠶᠢᠨ ᠡᠭᠦᠷᠭᠡ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ‌ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠦᠨᠡᠨᠬᠦ ᠬᠦᠴᠦ ᠣᠷᠣᠭᠤᠯᠵᠤ᠂ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶ ᠠᠬᠢᠭᠤᠯᠬᠤ᠂ ᠰᠡᠳᠬᠢᠯ ᠳᠡᠭᠡᠨ ᠬᠠᠳᠠᠩᠰᠢᠭᠤᠯᠬᠤ᠂ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ︽ᠳᠥᠷᠪᠡᠨ ᠤᠬᠠᠮᠰᠠᠷ︾᠎ ᠢ ᠲᠠᠰᠤᠷᠠᠯᠲᠠ ᠦᠭᠡᠢ ᠴᠢᠩᠭᠠᠳᠬᠠᠵᠤ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠭᠤᠤᠯ ᠰᠡᠳᠦᠪᠲᠦ ᠬᠥᠮᠦᠵᠢᠯ ᠤᠨ ᠳᠤᠮᠳᠠ ᠡᠷᠢᠵᠦ ᠭᠠᠷᠭᠠᠭᠰᠠᠨ ᠠᠰᠠᠭᠤᠳᠠᠯ᠂ ᠡᠨᠡ ᠤᠳᠠᠭ᠎ᠠ ᠶᠢᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠡ ᠪᠠᠶᠢᠴᠠᠭᠠᠨ ᠦᠵᠡᠵᠦ ᠭᠠᠷᠭᠠᠭᠰᠠᠨ ᠠᠰᠠᠭᠤᠳᠠᠯ᠂ ᠬᠠᠷᠢᠯᠴᠠᠨ ᠰᠢᠭᠦᠮᠵᠢᠯᠡᠬᠦ ᠳᠤᠮᠳᠠ ᠳᠤᠷᠠᠳᠤᠭᠰᠠᠨ ᠰᠠᠨᠠᠯ ᠢ ᠪᠦᠬᠦ ᠲᠠᠯ᠎ᠠ ᠪᠠᠷ ᠡᠮᠬᠢᠯᠡᠵᠦ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠴᠠᠭ ᠲᠤᠬᠠᠶ ᠳᠤᠨᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠵᠤᠶᠢᠯ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽1+ 14︾ ᠲᠤᠰᠬᠠᠶ ᠴᠡᠭᠴᠡᠯᠡᠨ ᠵᠠᠰᠠᠯᠲᠠ ᠶᠢ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠴᠢᠬᠤᠯᠠ ᠠᠭᠤᠯᠭ᠎ᠠ ᠳᠤ ᠣᠷᠣᠭᠤᠯᠤᠨ ᠰᠠᠶᠢᠲᠤᠷ ᠨᠠᠶᠢᠳᠠᠪᠤᠷᠢᠵᠢᠭᠤᠯᠬᠤ᠂ ᠺᠠᠳ᠋ᠷ ᠣᠯᠠᠨ ᠲᠦᠮᠡᠨ ᠳᠤ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠬᠦ ᠬᠡᠷᠡᠭᠲᠡᠶ᠃ ᠭᠤᠤᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠱᠠᠭᠠᠷᠳᠠᠯᠭ᠎ᠠ ᠲᠠᠢ ᠬᠠᠷᠢᠴᠠᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠤᠳᠤᠷᠢᠳᠬᠤ ᠪᠠᠭ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠨᠠᠮ ᠤᠨ ᠤᠯᠤᠰ ᠲᠥᠷᠦ ᠶᠢᠨ ᠰᠠᠬᠢᠯᠭ᠎ᠠ ᠪᠠᠲᠤ ᠪᠠ ᠤᠯᠤᠰ ᠲᠥᠷᠦ ᠶᠢᠨ ᠶᠣᠰᠣ ᠳᠦᠷᠢᠮ ᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠣᠪᠣᠷ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠳᠤᠷᠢᠳᠬᠤ ᠪᠠᠭ ᠤᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠶᠢᠷᠦᠪ ᠤᠨ ᠲᠤᠬᠤᠢ ᠲᠤᠭᠤᠷᠢᠭ  ᠤᠨ ᠡᠯ᠎ᠡ ᠵᠤᠶᠢᠯ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃      ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ‌‍ᠴᠢᠬᠤᠯᠠᠴᠢᠯᠠᠭᠰᠠᠨ‌ᠨᠢ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠶ᠃ ᠥᠪᠡᠷ ᠢ ᠪᠠᠨ ᠮᠠᠷᠲᠠᠬᠤ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ᠃ ᠨᠠᠮ ᠳᠤ ᠣᠷᠣᠬᠤ ᠲᠠᠩᠭᠠᠷᠢᠭ ᠢᠶᠠᠨ ᠦᠷᠭᠦᠯᠵᠢᠯᠡᠨ ᠭᠦᠨᠵᠡᠭᠡᠶ ᠤᠶᠢᠯᠡᠳᠤᠯᠭᠡᠵᠢᠭᠦᠯᠵᠤ᠂ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ ᠢᠳᠡᠪᠬᠢᠲᠡᠢ ᠠᠵᠢᠯᠯᠠᠬᠤ ᠬᠡᠷᠡᠭᠲᠡᠶ᠃ ᠤᠯᠤᠰ ᠲᠥᠷᠦ ᠶᠢᠨ ᠰᠠᠬᠢᠯᠭ᠎ᠠ ᠪᠠᠲᠤ ᠪᠠ ᠤᠯᠤᠰ ᠲᠥᠷᠦ ᠶᠢᠨ ᠶᠣᠰᠣ ᠳᠦᠷᠢᠮ ᠢ‌‍ᠪᠠᠲᠤ ᠴᠢᠩᠭ᠎ᠠ ᠪᠠᠷᠢᠮᠲᠠᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠳᠥᠷᠪᠡᠨ ᠤᠬᠠᠮᠰᠠᠷ︾᠎ ᠢ ᠪᠠᠲᠤ ᠪᠠᠬᠢ ᠪᠤᠢ ᠪᠣᠯᠭᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠦᠨᠡᠨᠬᠦ ᠪᠡᠶᠡᠯᠡᠭᠦᠯᠦᠨ᠎ᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠤᠡᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ᠵᠢᠭᠠᠪᠤᠷᠢ ᠠᠪᠴᠤ ᠮᠡᠳᠡᠭᠦᠯᠬᠦ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ᠂ ᠵᠢᠭᠠᠪᠤᠷᠢ ᠠᠪᠬᠤ ᠶᠣᠰᠣᠲᠠᠶ ᠶᠢ ᠨᠢ ᠡᠷᠬᠡᠪᠰᠢ ᠵᠢᠭᠠᠪᠤᠷᠢ ᠠᠪᠴᠤ᠂ ᠬᠠᠷᠢᠭᠤ ᠮᠡᠳᠡᠭᠦᠯᠬᠦ ᠶᠣᠰᠣᠲᠠᠶ ᠶᠢ ᠨᠢ ᠡᠷᠬᠡᠪᠰᠢ ᠬᠠᠷᠢᠭᠤ ᠮᠡᠳᠡᠭᠦᠯᠬᠦ ᠬᠡᠷᠡᠭᠲᠡᠶ︔ ᠨᠠᠮ ᠤᠨ ᠳᠦᠷᠢᠮ ᠢ ᠨᠠᠷᠢᠨ ᠬᠢᠨᠠᠮᠠᠭᠠᠶ ᠰᠤᠷᠤᠯᠴᠠᠵᠤ᠂ ᠤᠯᠤᠰ ᠲᠥᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠠᠷᠢᠭᠤᠨ ᠴᠢᠬᠡᠴᠢ ᠪᠠᠷ ᠠᠵᠢᠯᠯᠠᠵᠤ᠂ ᠠᠷᠢᠭᠤᠨ ᠴᠢᠬᠡᠴᠢ ᠪᠠᠷ ᠨᠣᠶᠠᠨ ᠰᠠᠭᠤᠵᠤ᠂ ᠤᠯᠤᠰ ᠲᠥᠷᠦ ᠶᠢᠨ ᠰᠠᠶᠢᠨ ᠰᠠᠶᠢᠬᠠᠨ‌ᠤᠯᠤᠰ ᠲᠦᠷᠤ ᠶᠢᠨ ᠠᠮᠢ ᠠᠬᠤᠢ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ ᠡᠭᠦᠨ ᠤ ᠳᠤ ᠬᠠᠮᠲᠤ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠬᠠᠷᠢᠭᠤᠴᠠᠯᠭ᠎ᠠ ᠶᠢᠨ ᠤᠠᠬᠠᠮᠰᠡᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠤᠲᠠ ᠲᠣᠭᠤᠷᠢᠭ ᠬᠤᠶᠠᠷ ᠱᠠᠲᠤᠨ ᠤ ᠭᠤᠤᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠬᠡᠷᠡᠭᠲᠡᠶ᠃ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠭᠠᠷᠤᠭ᠎ᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠩ ᠥᠨᠳᠥᠷ ᠪᠠᠷᠢᠮᠵᠢᠶ᠎ᠠ ᠪᠣᠯᠤᠨ ᠨᠠᠩ ᠴᠢᠩᠭ᠎ᠠ ᠱᠠᠭᠠᠷᠳᠠᠯᠭ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠶᠠᠭ ᠰᠢᠢᠤᠡᠪᠤᠷᠢᠯᠡᠵᠤ ᠪᠠᠶᠢᠭ᠎ᠠ ᠠᠰᠠᠭᠤᠳᠠᠯ ᠳᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠵᠢᠷᠤᠭ ᠡᠯᠭᠦᠨ ᠪᠠᠶᠢᠯᠳᠤᠵᠤ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ︔ ᠲᠦᠷ ᠴᠠᠭ ᠰᠢᠢᠳᠪᠦᠷᠢᠯᠡᠬᠦ ᠳᠤ ᠪᠡᠷᠬᠡᠲᠡᠶ ᠠᠰᠠᠭᠤᠳᠠᠯ ᠳᠤ᠂ ᠱᠠᠲᠤᠴᠢ ᠴᠢᠨᠠᠷᠲᠠᠶ ᠬᠠᠷᠠᠯᠲᠠ ᠶᠢ ᠲᠣᠳᠣᠷᠬᠠᠶᠢᠯᠠᠵᠤ᠂ ᠤᠷᠲᠤ ᠬᠤᠭᠤᠴᠠᠭ᠎ᠠ ᠪᠠᠷ ᠴᠢᠷᠮᠠᠶᠢᠨ᠂ ᠦᠷᠭᠦᠯᠵᠢᠯᠡᠨ ᠬᠦᠴᠦᠯᠡᠵᠦ᠂ ᠠᠰᠠᠭᠤᠳᠠᠯ ᠢ ᠦᠨᠳᠦᠰᠦᠨ ᠳᠤᠨᠢ ᠲᠤᠯᠲᠠᠯ᠎ᠠ ᠰᠢᠢᠤᠡᠪᠤᠷᠢᠯᠡᠵᠤ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠦᠨᠡᠨ ᠬᠦ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ᠃  
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号