ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2019-12-13
      ᠨᠡᠶᠢᠭᠡᠮ ᠲᠣᠭᠤᠷᠢᠭ ᠤᠨ ᠠᠵᠤ ᠠᠬᠤᠶ ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠰᠠᠭᠤᠭᠠᠯᠢ ᠠᠷᠠᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠦᠩ ᠾᠧ ᠶᠤᠸᠠᠨ ᠨᠡᠶᠢᠭᠡᠮ ᠲᠣᠭᠤᠷᠢᠭ ᠲᠤ ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠡᠷᠬᠢᠯᠡᠪᠡ᠃       ᠳᠡᠯᠭᠡᠨ ᠪᠣᠷᠣᠯᠠᠭᠤᠯᠬᠤ ᠴᠤᠭᠯᠠᠭᠠᠨ ᠳᠡᠭᠡᠷ᠎ᠡ᠂ ᠲᠠᠷᠢᠶᠠᠴᠢᠳ ᠥᠪᠡᠷ ᠤᠨ ᠲᠠᠷᠢᠭᠰᠠᠨ᠂ ᠲᠡᠵᠢᠭᠡᠨ ᠦᠷᠡᠵᠢᠭᠦᠯᠦᠭᠰᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠤᠬᠠᠶ ᠶᠢᠨ ᠲᠠᠯᠠᠪᠠᠢ ᠳᠤ ᠠᠪᠴᠢᠷᠠᠵᠤ ᠳᠡᠯᠭᠡᠨ ᠦᠵᠡᠭᠦᠯᠵᠦ ᠪᠣᠷᠣᠯᠠᠭᠤᠯᠪᠠ᠃ ᠨᠠᠢᠮᠠᠯᠵᠢ ᠲᠡᠵᠢᠭᠡᠨ ᠦᠷᠡᠵᠢᠭᠦᠯᠬᠦ ᠡᠷᠦᠬᠡ ᠸᠠᠩ ᠱᠢᠦ ᠫᠢᠩ ᠥᠷᠯᠦᠭᠡ ᠡᠷᠲᠡ ᠠᠵᠢᠯᠯᠠᠭ᠎ᠠ ᠶᠢᠨ ᠠᠬᠤᠶ ᠲᠠᠯᠠᠪᠠᠢ ᠳᠤ ᠢᠷᠡᠵᠦ᠂ ᠴᠤᠭᠯᠠᠭᠠᠨ ᠳᠤ ᠬᠦᠷᠦᠯᠴᠡᠨ ᠢᠷᠡᠭᠰᠡᠨ ᠬᠥᠮᠦᠰ ᠲᠤ ᠥᠪᠡᠷ ᠤᠨ ᠲᠡᠵᠢᠭᠡᠨ ᠦᠷᠡᠵᠢᠭᠦᠯᠦᠭᠰᠡᠨ ᠨᠠᠢᠮᠠᠯᠵᠢ ᠪᠠᠨ ᠲᠠᠨᠢᠯᠴᠠᠭᠤᠯᠵᠤ ᠪᠠᠶᠢᠯ᠎ᠠ᠃ ᠸᠠᠩ ᠱᠢᠦ ᠫᠢᠩ ᠢᠯᠡᠷᠬᠡᠶᠢᠯᠡᠭᠰᠡᠨ ᠨᠢ᠂ ᠨᠡᠶᠢᠭᠡᠮ ᠲᠣᠭᠤᠷᠢᠭ ᠤᠨ ᠬᠠᠪᠰᠤᠷᠤᠯᠭ᠎ᠠ ᠪᠣᠯᠤᠨ ᠳᠡᠯᠭᠡᠷᠡᠭᠦᠯᠦᠯᠲᠡ ᠳᠣᠣᠷ᠎ᠠ᠂ ᠣᠳᠣ ᠮᠢᠨᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠨᠠᠩ ᠥᠷᠭᠡᠨ ᠪᠣᠯᠵᠠᠶ ᠭᠡᠵᠦ ᠶᠠᠷᠢᠯ᠎ᠠ᠃     ︽ᠨᠡᠶᠢᠭᠡᠮ ᠲᠣᠭᠤᠷᠢᠭ ᠤᠨ ᠡᠷᠬᠢᠯᠡᠭᠰᠡᠨ ᠡᠨᠡ ᠬᠦ ᠠᠵᠢᠯᠯᠠᠭ᠎ᠠ ᠨᠢ ᠮᠠᠰᠢ ᠰᠠᠶᠢᠨ᠂ ᠪᠢᠳᠡᠨ ᠳᠤ ᠲᠠᠯᠠᠪᠤᠷ ᠭᠠᠵᠠᠷ ᠪᠠ ᠵᠠᠬ᠎ᠠ ᠳᠡᠯᠭᠡᠭᠦᠷ ᠬᠠᠩᠭᠠᠭᠰᠠᠨ ᠪᠠᠶᠢᠨ᠎ᠠ᠂ ᠪᠢ ᠥᠪᠡᠷ ᠢᠶᠠᠨ ᠨᠠᠢᠮᠠᠯᠵᠢ ᠲᠡᠵᠢᠭᠡᠵᠦ ᠪᠠᠶᠢᠨ᠎ᠠ᠂ ᠶᠠᠭ ᠡᠨᠡ ᠬᠦ ᠲᠣᠬᠢᠶᠠᠯ ᠢ ᠠᠰᠢᠭᠯᠠᠨ ᠲᠠᠨᠢᠯᠴᠠᠭᠤᠯᠤᠨ ᠳᠡᠯᠭᠡᠷᠡᠭᠦᠯᠵᠦ ᠪᠣᠯᠤᠨ᠎ᠠ᠂ ᠡᠨᠡ ᠨᠢ ᠪᠣᠷᠣᠯᠠᠭᠤᠯᠭ᠎ᠠ ᠶᠢ ᠨᠡᠮᠡᠭᠳᠡᠭᠦᠯᠬᠦ ᠳᠤ ᠮᠠᠰᠢ ᠠᠰᠢᠭᠲᠠᠢ ᠶᠤᠮ︾ ᠭᠡᠵᠦ ᠸᠠᠩ ᠱᠢᠦ ᠫᠢᠩ ᠶᠡᠷᠢᠵᠤ ᠪᠠᠶᠢᠯ᠎ᠠ᠃      ᠶᠠᠭ ᠭᠠᠷᠠᠭ ᠤᠨ ᠰᠡᠭᠦᠯᠴᠢ ᠪᠣᠯᠬᠤ ᠳᠤ᠂ ᠳᠡᠯᠭᠡᠨ ᠪᠣᠷᠣᠯᠠᠭᠤᠯᠬᠤ ᠴᠤᠭᠯᠠᠭᠠᠨ ᠨᠢ ᠬᠤᠲᠠ ᠳᠤ ᠰᠠᠭᠤᠵᠤ ᠪᠠᠶᠢᠭ᠎ᠠ ᠬᠥᠮᠦᠰ ᠤᠨ ᠠᠩᠬᠠᠷᠤᠯ ᠢ ᠳᠠᠲᠠᠪᠠ᠂ ᠮᠠᠰᠢ ᠤᠯᠠᠨ ᠬᠦᠮᠦᠰ ᠬᠠᠬᠢᠷ ᠬᠦᠢᠲᠡᠨ ᠢ ᠬᠠᠶᠢᠬᠤᠷᠤᠯ ᠦᠭᠡᠢ ᠬᠦᠷᠦᠯᠴᠡᠨ ᠢᠷᠡᠭᠰᠡᠨ ᠪᠠᠶᠢᠨ᠎ᠠ᠃ ᠡᠳᠡᠭᠡᠷ ᠵᠤᠭᠠᠴᠠᠭᠰᠠᠳ ᠲᠤ ᠲᠠᠷᠢᠶᠠᠯᠠᠬᠤ ᠣᠷᠣᠨ ᠤ ᠠᠮᠢᠳᠤᠷᠠᠯ ᠢ ᠨᠠᠩ ᠰᠠᠶᠢᠨ ᠣᠶᠢᠯᠠᠭᠠᠭᠤᠯᠬᠤ ᠶᠢᠨ ᠲᠥᠯᠥᠭᠡ᠂ ᠵᠠᠷᠢᠮ ᠲᠠᠷᠢᠶᠠᠴᠢᠨ ᠡᠷᠦᠬᠡ ᠪᠠᠰᠠ ᠶᠡᠭᠡ ᠲᠣᠭᠤᠭ᠎ᠠ ᠪᠣᠰᠬᠠᠵᠤ᠂ ᠥᠪᠡᠷ ᠤᠨ ᠭᠡᠷ ᠤᠨ ᠲᠡᠵᠢᠭᠡᠪᠦᠷᠢ᠂ ᠲᠠᠷᠢᠵᠤ ᠣᠷᠭᠤᠭᠤᠯᠤᠭᠰᠠᠨ ᠴᠢᠨᠠᠷ ᠰᠠᠶᠢᠲᠠᠶ ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠢᠶᠠᠷ ᠭᠠᠭ᠋ᠠᠶ ᠶᠢᠨ ᠮᠢᠬᠠᠨ ᠨᠣᠭᠤᠭ᠎ᠠ᠂ ᠴᠢᠨᠠᠭᠰᠠᠨ ᠳᠠᠬᠢᠶ᠎ᠠ ᠵᠡᠷᠭᠡ ᠠᠮᠲᠠᠲᠤ ᠢᠳᠡᠭᠡᠨ ᠪᠤᠯᠭᠠᠪᠠ᠃ ᠨᠡᠶᠢᠭᠡᠮ ᠲᠣᠭᠤᠷᠢᠭ ᠴᠤ ᠠᠯᠪᠠᠨ ᠭᠡᠷ ᠤᠨ ᠣᠷᠣᠨ ᠵᠠᠶ ᠶᠢ ᠠᠰᠢᠭᠯᠠᠨ᠂ ᠵᠢᠭᠤᠯᠴᠢᠯᠠᠭᠴᠢᠳ ᠤᠨ ᠰᠡᠯᠡᠭᠦᠴᠡᠬᠦ᠂ ᠵᠤᠭᠠᠴᠠᠨ ᠨᠠᠭᠠᠳᠬᠤ᠂ ᠬᠤᠭᠤᠯᠠ ᠢᠳᠡᠬᠦ ᠳᠤ ᠳᠥᠭᠦᠮ ᠦᠵᠡᠭᠦᠯᠪᠡ᠃      ᠵᠤᠭᠠᠴᠠᠭᠰᠠᠳ ᠳ᠋ᠦᠸᠧ ᠷᠦᠩ᠄ ︽ᠭᠠᠷᠠᠭ ᠤᠨ ᠰᠡᠭᠦᠯᠴᠢ ᠳᠤ ᠭᠡᠷ ᠤᠨ ᠬᠥᠮᠦᠰ ᠪᠣᠯᠤᠨ ᠰᠠᠶᠢᠨ ᠨᠠᠶᠢᠵᠠ ᠪᠠᠨ ᠳᠠᠭᠠᠭᠤᠯᠵᠤ᠂ ᠠᠳᠡ ᠢᠷᠡᠵᠦ ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠢᠶᠠᠷ ᠲᠣᠭᠤᠷᠢᠵᠤ᠂ ᠲᠠᠷᠢᠶᠠᠯᠠᠬᠤ ᠣᠷᠣᠨ ᠤ ᠠᠮᠢᠳᠤᠷᠠᠯ ᠤᠨ ᠪᠠᠶᠢᠳᠠᠯ ᠢ ᠪᠡᠶᠡᠴᠢᠯᠡᠨ ᠣᠶᠢᠯᠠᠭᠠᠵᠤ᠂ ᠮᠠᠰᠢ ᠤᠳᠬ᠎ᠠ ᠠᠭᠤᠯᠭ᠎ᠠ ᠲᠠᠢ ᠰᠠᠨᠠᠭᠳᠠᠨ᠎ᠠ︾ ᠭᠡᠵᠦ ᠶᠠᠷᠢᠵᠤ ᠪᠠᠶᠢᠯ᠎ᠠ᠃      ᠵᠦᠩ ᠾᠧ ᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠶᠠᠩ ᠬᠤᠢ᠄ ︽ᠪᠢᠳᠡ 4 ᠵᠢᠯ ᠳᠠᠷᠠᠭᠠᠯᠠᠨ ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠢ ᠡᠷᠬᠢᠯᠡᠪᠡ᠂ ᠡᠨᠡ ᠵᠢᠯ ᠤᠨ ᠭᠤᠤᠯ ᠰᠡᠳᠦᠪ ᠪᠣᠯ ︿ᠪᠣᠬᠢᠷᠲᠤᠯ ᠦᠭᠡᠢ ᠵᠦᠩ ᠾᠧ ᠶᠤᠸᠠᠨ· ᠴᠢᠨᠡᠭᠡᠯᠢᠭ ᠨᠡᠶᠢᠭᠡᠮ ᠢ ᠪᠠᠶᠠᠷᠯᠠᠨ ᠤᠭᠲᠤᠬᠤ﹀ ᠪᠣᠯᠤᠨ᠎ᠠ᠂ ᠨᠡᠶᠢᠲᠡ 60 ᠭᠠᠷᠤᠶ ᠲᠠᠷᠢᠶᠠᠴᠢᠨ ᠡᠷᠦᠬᠡ ᠠᠵᠢᠯᠯᠠᠭ᠎ᠠ ᠳᠤ ᠣᠷᠣᠯᠴᠠᠪᠠ᠃ ᠪᠢᠳᠠ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠭᠠᠵᠠᠷ ᠵᠦᠶ ᠶᠢᠨ ᠳᠠᠪᠠᠭᠤᠯᠢᠭ ᠢ ᠠᠰᠢᠭᠯᠠᠨ᠂ ᠰᠢᠯᠢᠳᠡᠭ ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠢ ᠥᠷᠭᠡᠨ ᠣᠯᠠᠨ ᠬᠤᠲᠠ ᠶᠢᠨ ᠠᠷᠠᠳ ᠲᠤ ᠲᠠᠨᠢᠯᠴᠠᠭᠤᠯᠵᠤ᠂ ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠢ ᠪᠣᠷᠣᠯᠠᠭᠤᠯᠬᠤ ᠶᠢᠨ ᠬᠠᠮᠲᠤ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ ᠪᠣᠯᠤᠨ᠎ᠠ︾ ᠭᠡᠵᠦ ᠶᠠᠷᠢᠵᠤ ᠪᠠᠶᠢᠯ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号