ᠬᠠᠶᠢᠷᠤᠪ ᠤᠨ ᠲᠣᠬᠤᠢ ᠲᠣᠭᠤᠷᠢᠭ ᠤᠨ ᠰᠢᠨ᠎ᠡ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠢᠩᠬᠢᠮ ᠢ ᠠᠰᠢᠭᠯᠠᠯᠲᠠ ᠳᠤ ᠣᠷᠣᠭᠤᠯᠪᠠ
ᠨᠡᠶᠢᠲᠡᠯᠡᠭᠰᠡᠨ ᠴᠠᠭ᠄
2019-12-13
     ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠪᠣᠯ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ‍ᠤᠨ‌ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠤᠶᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ᠂ ᠬᠥᠭᠵᠢᠯᠲᠡ ᠵᠢᠨ‌ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ ᠪᠠᠶᠢᠭᠤᠯᠤᠭᠰᠠᠨ ᠨᠢᠭᠡ ᠥᠷᠲᠡᠭᠡ ᠮᠠᠶ᠋ᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ‌ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠤ ᠴᠣᠩᠬᠤ ᠪᠣᠯᠤᠨ᠎ᠠ᠂ 2010 ᠤᠨ ᠤ 7 ᠰᠠᠷ᠎ᠠ ᠳᠤ ᠵᠢᠩᠬᠢᠨᠢ ᠪᠠᠷ ᠠᠵᠢᠯᠯᠠᠵᠤ᠂ 10000 ᠲᠡᠭᠰᠢ ᠳᠥᠷᠪᠡᠯᠵᠢᠨ ᠮᠧᠲᠷ ᠢ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 14000 ᠲᠡᠭᠰᠢ ᠳᠥᠷᠪᠡᠯᠵᠢᠨ ᠮᠧᠲᠷ ᠪᠣᠯᠤᠨ᠎ᠠ᠃     ᠤᠶᠢᠷ᠎ᠠ ᠶᠢᠨ ᠵᠢᠯ ᠤᠨ ᠲᠤᠷᠰᠢ᠂ ᠲᠤᠭᠤᠷᠢᠭ ᠤᠨ  ᠨᠠᠮ ᠤᠨ ᠬᠤᠷᠢᠶ᠎ᠠ᠂ ᠨᠠᠷᠢᠨ ᠪᠢᠴᠢᠭ ᠤᠨ ᠬᠢᠨ ︽ᠲᠠᠯᠪᠢᠬᠤ ᠬᠠᠮᠢᠶᠠᠷᠬᠤ ᠤᠶᠢᠯᠡᠴᠢᠯᠡᠭᠡ︾᠎ ᠤᠨ ᠥᠭᠡᠷᠡᠴᠢᠯᠡᠯᠲᠡ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠨᠢ ︽ᠲᠥᠷᠥ ᠶᠢᠨ ᠪᠣᠳᠣᠯᠭ᠎ᠠ ᠪᠠᠷ ᠬᠠᠮᠤᠭ ᠤᠨ ᠰᠢᠯᠢᠳᠡᠭ᠂ ᠥᠪᠡᠷ ᠤᠨ ᠥᠷᠲᠡᠭ ᠢᠶᠠᠷ ᠬᠠᠮᠤᠭ ᠤᠨ ᠳᠣᠤᠷ᠎ᠠ᠂ ᠤᠶᠢᠯᠡᠴᠢᠯᠡᠭᠡᠨ ᠢᠶᠠᠷ ᠬᠠᠮᠤᠭ ᠤᠨ ᠰᠠᠶᠢᠨ᠂ ᠠᠵᠢᠯ ᠶᠠᠪᠤᠳᠠᠯ ᠬᠠᠮᠤᠭ ᠤᠨ ᠲᠦᠷᠭᠡᠨ︾ ᠬᠥᠭᠵᠢᠯᠲᠡ ᠵᠢᠨ‌ᠣᠷᠴᠢᠨ ᠲᠣᠭᠤᠷᠢᠨ ᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ 2019 ᠤᠨ ᠤ 2 ᠰᠠᠷ᠎ᠠ ᠠᠴᠠ ᠡᠬᠢᠯᠡᠨ ᠭᠤᠷᠪᠠᠳᠤᠭᠠᠷ ᠳᠠᠪᠬᠤᠷᠯᠢᠭ ᠤᠨ ᠰᠢᠨ᠎ᠡ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠢᠩᠬᠢᠮ ᠎ ᠢ ᠲᠥᠯᠥᠪᠵᠢᠭᠦᠯᠦᠨ ᠪᠠᠶᠢᠭᠤᠯᠵᠤ᠂ 12 ᠰᠠᠷ᠎ᠠ ᠶᠢᠨ 10᠎ ᠤ ᠡᠳᠦᠷ ᠰᠢᠯᠭᠠᠨ ᠠᠪᠬᠤ ᠶᠢᠨ ᠬᠠᠮᠲᠤ ᠰᠢᠨ᠎ᠡ ᠪᠠᠭᠤᠷᠢ ᠶᠢ ᠨᠡᠭᠦᠯᠭᠡᠵᠦ᠂ ᠭᠠᠳᠠᠭᠠᠳᠤ ᠳᠤ ᠲᠤᠬᠠᠶᠢᠯᠠᠭᠰᠠᠨ ᠠᠵᠢᠯ ᠭᠦᠢᠴᠠᠤᠡᠭᠡᠵᠤ ᠡᠬᠢᠯᠡᠭᠰᠡᠨ ᠢ ᠬᠠᠷᠠᠭᠤᠯᠵᠤ ᠪᠣᠶ᠂ ᠡᠨᠡ ᠨᠢ ᠬᠠᠶᠢᠷᠤᠪ ᠤᠨ ᠲᠣᠬᠤᠢ ᠲᠤᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠪᠠᠰᠠ ᠨᠢᠭᠡᠨ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠣᠶ᠃      ᠵᠠᠰᠠᠭ ᠤᠨ ᠶᠠᠪᠤᠳᠠᠯ ᠤᠨ ᠰᠢᠨ᠎ᠡ ᠲᠢᠩᠬᠢᠮ ᠤᠨ ᠲᠠᠯᠠᠪᠠᠢ ᠨᠢ 750 ᠲᠡᠭᠰᠢ ᠳᠥᠷᠪᠡᠯᠵᠢᠨ ᠮᠧᠲᠷ ᠪᠠᠶᠢᠵᠤ᠂ 13 ᠴᠣᠩᠬᠤᠪᠴᠢ ᠲᠣᠬᠢᠷᠠᠭᠤᠯᠵᠤ᠂ ᠣᠳᠣᠬᠠᠨ ᠳᠤ ᠨᠢᠭᠡᠨᠲᠡ ᠪᠥᠬᠦ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠲᠠᠢ 23 ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ 96 ᠵᠤᠶᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠤᠶᠢᠯᠡᠰ ᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠢᠩᠬᠢᠮ ᠳᠤ ᠣᠷᠣᠵᠤ ᠲᠥᠪᠯᠡᠷᠡᠭᠦᠯᠦᠨ ᠭᠦᠢᠴᠠᠤᠡᠭᠡᠪᠡ᠃ᠰᠢᠨ᠎ᠡ ᠲᠢᠩᠬᠢᠮ ᠳᠤ ︽ᠨᠢᠭᠡ ᠴᠣᠩᠬᠤᠪᠴᠢ ᠮᠠᠶ᠋ᠢᠭ︾᠎ ᠤᠨ ᠬᠦᠯᠢᠶᠡᠨ ᠠᠪᠴᠤ ᠰᠢᠢᠤᠡᠪᠤᠷᠢᠯᠡᠬᠦ ᠶᠡᠷᠦᠩᠬᠡᠶᠢᠯᠡᠭᠰᠡᠨ ᠴᠣᠩᠬᠤ᠂ ᠳᠣᠲᠣᠭᠠᠳᠤ ᠶᠢ ᠬᠠᠮᠠᠭᠠᠯᠠᠬᠤ ᠦᠨᠡᠮᠯᠡᠯ ᠭᠦᠢᠴᠠᠤᠡᠭᠡᠬᠦ ᠤᠶᠢᠯᠡᠴᠢᠯᠡᠭᠡᠨ ᠤ ᠲᠠᠰᠤᠯᠭ᠎ᠠ᠂ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠠᠰᠤᠯᠭ᠎ᠠ᠂ᠠᠷᠤ ᠲᠠᠪᠴᠠᠩ ᠤᠨ ᠬᠢᠨᠠᠨ ᠵᠥᠪᠰᠢᠶᠡᠷᠡᠬᠦ ᠲᠠᠰᠤᠯᠭ᠎ᠠ᠂ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠰᠠᠭᠠᠳ ᠥᠬᠡᠶ ᠨᠡᠪᠲᠡᠷᠡᠬᠦ ᠵᠠᠮ᠂ᠦᠪᠡᠰᠤᠪᠡᠨ‌ᠤᠶᠢᠯᠡᠴᠢᠯᠡᠭᠡᠨ ᠤ ᠲᠠᠰᠤᠯᠭ᠎ᠠ᠂ ᠠᠮᠠᠷᠠᠬᠤ  ᠬᠦᠯᠢᠶᠡᠬᠦ ᠲᠠᠰᠤᠯᠭ᠎ᠠ‌ᠵᠢᠴᠢ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠲᠠᠰᠤᠭ᠂ ᠤᠩᠰᠢᠯᠭ᠎ᠠ ᠵᠢᠨ‌‍ᠲ᠋ᠠᠰᠤᠯᠭ᠎ᠠ ᠵᠡᠷᠭᠡ ᠴᠢᠳᠠᠮᠵᠢᠲᠤ ᠣᠷᠣᠨ ᠪᠦᠰᠡ ᠲᠣᠬᠢᠷᠠᠭᠤᠯᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠢ ᠭᠦᠢᠴᠠᠤᠡᠭᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠶᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠠᠪᠴᠠᠩ ᠪᠣᠯᠤᠨ᠎ᠠ᠃      ︽ᠨᠢᠭᠡ ᠴᠣᠩᠬᠤ ᠪᠠᠷ︾ ᠬᠦᠯᠢᠶᠡᠨ‌ᠠᠪᠴᠤ ᠰᠢᠢᠤᠡᠪᠤᠷᠢᠯᠡᠬᠦ ᠲᠤᠬᠠᠶᠢᠯᠠᠭᠰᠠᠨ ᠠᠵᠢᠯ ᠨᠢ ᠬᠢᠨᠠᠨ ᠵᠥᠪᠰᠢᠶᠡᠷᠡᠬᠦ ᠵᠤᠶᠢᠯᠡᠰ ᠤᠨ ︽ᠬᠤᠷᠠᠮᠠᠯ ᠤᠶᠢᠯᠡᠴᠢᠯᠡᠭᠡ︾᠎ ᠶᠢ ᠬᠡᠷᠡᠭᠵᠢᠭᠦᠯᠪᠡ      ᠲᠥᠪ ᠠᠴᠠ ᠨᠢᠭᠡᠨᠲᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠢᠴᠢ ᠤᠶᠢᠯᠡᠴᠢᠯᠡᠭᠡᠨ ᠤ ᠠᠵᠢᠯ ᠢ ᠡᠭᠦᠷᠭᠡᠯᠡᠵᠦ ᠪᠠᠶᠢᠭ᠎ᠠ ᠰᠠᠯᠠᠭ᠎ᠠ ᠮᠥᠴᠢᠷ ᠢ ᠴᠥᠮ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠢᠩᠬᠢᠮ ᠳᠤ ᠰᠠᠭᠤᠯᠭᠠᠵᠤ᠂ ᠶᠡᠷᠦᠩᠬᠡᠶᠢᠯᠡᠨ ᠣᠷᠣᠯᠠᠨ ᠭᠦᠢᠴᠠᠤᠡᠭᠡᠬᠦ ᠴᠣᠩᠬᠤ ᠭᠠᠷᠭᠠᠨ᠎ᠠ᠃      ᠶᠠᠪᠤᠭᠳᠠᠭᠤᠯᠬᠤ ᠠᠷᠭ᠎ᠠ ᠮᠠᠶ᠋ᠢᠭ ᠨᠢ᠄ ᠰᠠᠯᠠᠭ᠎ᠠ ᠮᠥᠴᠢᠷ ᠠᠴᠠ ᠡᠷᠬᠡ ᠣᠯᠭᠤᠭᠰᠠᠨ —ᠲᠦᠪ ᠬᠤᠷᠢᠶᠠᠨ ᠠᠪᠬᠤ᠃ ᠲᠥᠪ ᠠᠴᠠ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠳᠤ ᠲᠤᠬᠠᠶᠢᠯᠠᠭᠰᠠᠨ ᠠᠵᠢᠯ ᠶᠢᠨ ᠪᠣᠯᠪᠠᠰᠤᠷᠠᠭᠤᠯᠤᠯ ᠬᠢᠬᠦ ᠪᠠ ᠠᠵᠢᠯ ᠶᠢᠨ ᠪᠠᠶᠢᠷᠢ ᠶᠢᠨ ᠵᠢᠯᠣᠭᠤᠳᠣᠯᠭ᠎ᠠ ᠬᠢᠨ᠎ᠡ︔ ᠴᠣᠩᠬᠤᠪᠴᠢ ᠳᠠᠬᠢᠨ ᠪᠠᠶᠢᠭᠤᠯᠬᠤ᠂ ᠲᠥᠪᠯᠡᠷᠡᠭᠦᠯᠦᠨ ᠭᠦᠢᠴᠠᠤᠡᠭᠡᠬᠦ ᠬᠡᠷᠡᠭᠲᠡᠶ᠃ ᠬᠡᠷᠡᠭ ᠶᠠᠪᠤᠳᠠᠯ ᠢ ᠬᠢᠨᠠᠨ ᠵᠥᠪᠰᠢᠶᠡᠷᠡᠬᠦ ᠨᠢ ᠣᠯᠠᠨ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠬᠤᠯᠪᠣᠭᠳᠠᠭᠰᠠᠨ᠃ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠯᠪᠠᠨ ᠭᠡᠷ ᠢ ᠪᠦᠷᠢᠯᠳᠦᠭᠦᠯᠵᠦ᠂ ᠬᠢᠨᠠᠨ ᠵᠥᠪᠰᠢᠶᠡᠷᠡᠬᠦ ᠶᠢ ᠲᠥᠪᠯᠡᠷᠡᠭᠦᠯᠦᠨ ᠥᠷᠨᠢᠭᠦᠯᠵᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠤᠡᠪᠤᠷᠢᠯᠡᠨ᠂ ᠵᠡᠷᠭᠡᠪᠡᠷ ᠭᠦᠢᠴᠠᠤᠡᠭᠡᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠭᠦᠢᠴᠠᠤᠡᠭᠡᠬᠦ ᠳᠤ ︽ᠨᠢᠭᠡ ᠥᠷᠲᠡᠭᠡ ᠮᠠᠶ᠋ᠢᠭ︾᠎ ᠤᠨ ᠤᠶᠢᠯᠡᠴᠢᠯᠡᠭᠡ ᠬᠠᠩᠭᠠᠨ᠎ᠠ︔︽ᠨᠢᠭᠡ ᠯᠡ ᠤᠳᠠᠭ᠎ᠠ ᠣᠴᠢᠬᠤ︾᠎ ᠪᠠᠷ ᠬᠠᠷᠠᠯᠲᠠ ᠪᠣᠯᠭᠠᠨ᠂ ᠲᠤᠰᠢᠶᠠᠬᠤ ᠮᠠᠲ᠋ᠧᠷᠢᠶᠠᠯ ᠢ ᠴᠣᠮᠬᠠᠳᠬᠠᠵᠤ᠂ ᠠᠵᠢᠯ ᠶᠠᠪᠤᠳᠠᠯ ᠭᠦᠢᠴᠠᠤᠡᠭᠡᠬᠦ ᠴᠤᠪᠤᠷᠠᠯ ᠢ ᠰᠢᠯᠢᠳᠡᠭᠵᠢᠭᠦᠯᠦᠨ᠂ ᠣᠯᠠᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠤᠶᠢᠯᠡᠴᠢᠯᠡᠭᠡᠨ ᠤ ᠵᠤᠶᠢᠯᠡᠰ ᠢ ᠡᠮᠬᠢᠯᠡᠨ ᠨᠡᠶᠢᠯᠡᠭᠦᠯᠵᠦ᠂ ᠪᠠᠷᠢᠨ ᠬᠦᠯᠢᠶᠡᠵᠦ ᠠᠪᠬᠤ᠂ ᠨᠢᠭᠡ ᠯᠡ ᠤᠳᠠᠭ᠎ᠠ ᠳᠤ ᠬᠢᠵᠦ ᠳᠠᠭᠤᠰᠬᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠲᠤᠬᠠᠶ ᠶᠢᠨ ᠲᠠᠯᠠᠪᠤᠷ ᠲᠤ ᠭᠦᠢᠴᠠᠤᠡᠭᠡᠬᠦ ᠶᠢ ᠬᠦᠯᠢᠶᠡᠬᠦ ᠴᠠᠭ ᠢ ᠪᠦᠲᠦᠮᠵᠢᠲᠡᠶ ᠪᠠᠭᠠᠰᠬᠠᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ︽ᠠᠵᠤ ᠠᠬᠤᠶᠢᠯᠠᠯ ᠤᠨ ᠰᠠᠭᠠᠳ ᠦᠭᠡᠢ ᠨᠡᠪᠲᠡᠷᠡᠬᠦ ᠵᠠᠮ︾᠎ ᠢ ᠴᠣᠭᠴᠠᠯᠠᠨ᠎ᠠ      ᠰᠢᠨ᠎ᠡ ᠵᠠᠰᠠᠭ ᠤᠨ ᠶᠠᠪᠤᠳᠠᠯ ᠤᠨ ᠲᠢᠩᠬᠢᠮ ᠨᠢ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠪᠠᠷ ᠭᠠᠷᠳᠠᠨ ᠬᠢᠬᠦ ᠴᠡᠭ ᠪᠣᠯᠭᠠᠵᠤ᠂ ᠤᠯᠠᠮᠵᠢᠯᠠᠯᠲᠤ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠬᠡᠪ ᠵᠠᠭᠪᠤᠷ ᠢ ᠥᠭᠡᠷᠡᠴᠢᠯᠡᠨ᠂ ᠠᠵᠤ ᠠᠬᠤᠶᠢᠯᠠᠯ ᠨᠡᠭᠡᠭᠡᠨ ᠡᠷᠬᠢᠯᠡᠬᠦ ᠭᠠᠵᠠᠷ ᠪᠠᠶᠢᠭᠤᠯᠵᠤ᠂ ᠠᠵᠤ ᠠᠬᠤᠶᠢᠯᠠᠯ ᠤᠨ ᠪᠠᠶᠢᠩᠭᠤ ᠡᠷᠬᠢᠯᠡᠵᠦ ᠪᠠᠶᠢᠭ᠎ᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠲᠥᠷᠥᠯ ᠬᠤᠪᠢᠶᠠᠨ ᠨᠡᠶᠢᠯᠡᠭᠦᠯᠦᠨ ᠨᠡᠶᠢᠯᠡᠭᠦᠯᠵᠦ᠂ ᠠᠵᠤ ᠠᠬᠤᠶᠢᠯᠠᠯ ᠤᠨ ᠡᠯ᠎ᠡ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠤᠨ ᠬᠡᠷᠡᠭᠰᠡᠬᠦ ᠬᠢᠨᠠᠨ ᠵᠥᠪᠰᠢᠶᠡᠷᠡᠬᠦ ᠮᠠᠲ᠋ᠧᠷᠢᠶᠠᠯ ᠢ ᠨᠠᠷᠢᠨ ᠬᠢᠨᠠᠮᠠᠭᠠᠢ ᠡᠮᠬᠢᠯᠡᠵᠦ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠨ᠂ ᠶᠠᠪᠤᠴᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠢᠨᠠᠨ ᠵᠥᠪᠰᠢᠶᠡᠷᠡᠬᠦ ᠤᠶᠢᠯᠡᠴᠢᠯᠡᠭᠡ ᠬᠠᠩᠭᠠᠬᠤ ︽ᠰᠠᠭᠠᠳ ᠦᠭᠡᠢ ᠨᠡᠪᠲᠡᠷᠡᠬᠦ ᠵᠠᠮ︾ ︽ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ᠂ ᠠᠯᠪᠠᠨ ᠲᠠᠮᠠᠭ᠎ᠠ ᠰᠡᠶᠢᠯᠦᠨ ᠵᠣᠬᠢᠶᠠᠬᠤ᠂ ᠪᠠᠷᠢᠮᠲᠠ ᠬᠠᠭᠤᠳᠠᠰᠤ ᠵᠣᠬᠢᠶᠠᠬᠤ᠂ ᠪᠠᠩᠬᠢ ᠶᠢᠨ ᠳᠠᠩᠰᠠ ᠨᠡᠭᠡᠭᠡᠬᠦ ᠵᠡᠷᠭᠡ ᠲᠤᠬᠠᠶᠢᠯᠠᠭᠰᠠᠨ ᠠᠵᠢᠯ ᠢ ᠤᠶᠢᠯᠡᠴᠢᠯᠡᠭᠡᠨ ᠤ ᠭᠠᠵᠠᠷ ᠲᠤ ᠲᠥᠪᠯᠡᠷᠡᠭᠦᠯᠦᠨ ᠭᠦᠢᠴᠠᠤᠡᠭᠡᠵᠤ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠶᠢ ᠲᠣᠰ ᠲᠣᠰ ᠡᠯ᠎ᠡ‌‍ᠰᠠᠯᠠᠭ᠎ᠠ ᠮᠥᠴᠢᠷ ᠲᠤ ᠮᠠᠲ᠋ᠧᠷᠢᠶᠠᠯ ᠲᠤᠰᠢᠶᠠᠬᠤ ᠤᠯᠠᠮᠵᠢᠯᠠᠯᠲᠤ ᠠᠵᠢᠯ ᠶᠠᠪᠤᠳᠠᠯ ᠭᠦᠢᠴᠠᠤᠡᠭᠡᠬᠦ ᠴᠤᠪᠤᠷᠠᠯ ᠢ‌ᠨᠢᠭᠡ ᠤᠳᠠᠭ᠎ᠠ ᠳᠤ ᠲᠤᠰᠢᠶᠠᠬᠤ᠂ ᠵᠡᠷᠭᠡ ᠳᠤᠨᠢ ᠭᠦᠢᠴᠠᠤᠡᠭᠡᠬᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠬᠤᠭᠤᠴᠠᠭ᠎ᠠ ᠬᠢᠵᠠᠭᠠᠷᠯᠠᠨ ᠭᠦᠢᠴᠠᠤᠡᠭᠡᠬᠦ ᠳᠠᠭᠤᠰᠬᠠᠬᠤ ︽ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠠᠤᠡᠭᠡᠬᠦ︾ ᠴᠤᠪᠤᠷᠠᠯ ᠪᠣᠯᠭᠠᠨ ᠬᠤᠪᠢᠷᠠᠭᠤᠯᠤᠨ᠎ᠠ᠃      ᠪᠦᠬᠦ ᠶᠠᠪᠤᠴᠠ ᠳᠤ ᠣᠷᠣᠯᠠᠨ ᠭᠦᠢᠴᠠᠤᠡᠭᠡᠬᠦ ᠤᠶᠢᠯᠡᠴᠢᠯᠡᠭᠡ᠂ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡ ᠶᠢᠨ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠦᠨ᠎ᠡ      ᠠᠵᠢᠯ ᠶᠠᠪᠤᠳᠠᠯ ᠭᠦᠢᠴᠠᠤᠡᠭᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠤᠶᠢᠯᠡᠴᠢᠯᠡᠭᠡ ᠬᠠᠩᠭᠠᠬᠤ ᠶᠢᠨ ᠲᠤᠰᠠᠳᠠ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ ︽ᠨᠢᠭᠡ ᠥᠷᠲᠡᠭᠡ‌ᠮᠠᠶ᠋ᠢᠭ︾᠎ ᠤᠨ ᠣᠷᠣᠯᠠᠨ ᠭᠦᠢᠴᠠᠤᠡᠭᠡᠬᠦ ᠤᠶᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠰᠢᠨ᠎ᠡ ᠪᠠᠷ ᠡᠭᠦᠳᠦᠨ ᠥᠷᠨᠢᠭᠦᠯᠵᠦ᠂  ︽ᠣᠯᠠᠨ ᠲᠦᠮᠡᠨ ᠢ ᠶᠠᠪᠤᠳᠠᠯ ᠪᠦᠲᠤᠬᠡᠬᠦ ᠳᠤ ᠲᠦᠭᠦᠮ᠂ ᠣᠯᠠᠨ ᠲᠦᠮᠡᠨ ᠳᠤ ᠰᠠᠶᠢᠨ ᠶᠠᠪᠤᠳᠠᠯ ᠬᠢᠵᠦ ᠥᠭᠬᠦ︾᠎ ᠶᠢ ᠪᠠᠶᠢᠩᠭᠤᠵᠢᠭᠤᠯᠬᠤ ᠬᠡᠷᠡᠭᠲᠡᠶ᠃ ᠡᠭᠦᠨ ᠤ ᠳᠤ ᠬᠠᠮᠲᠤ ᠪᠠᠰᠠ ︽ᠨᠢᠭᠡ ᠥᠷᠲᠡᠭᠡ ᠮᠠᠶ᠋ᠢᠭ︾᠎ ᠤᠨ ᠤᠶᠢᠯᠡᠴᠢᠯᠡᠭᠡᠨ ᠤ ᠵᠢᠯᠣᠭᠤᠳᠬᠤ ᠲᠠᠪᠴᠠᠩ ᠪᠠᠶᠢᠭᠤᠯᠵᠤ᠂ ᠤᠶᠢᠯᠡᠴᠢᠯᠡᠬᠦ ᠠᠭᠤᠯᠭ᠎ᠠ ᠪᠠᠨ ᠥᠷᠭᠡᠳᠬᠡᠵᠦ᠂ ᠤᠷᠢᠳᠴᠢᠯᠠᠨ ᠪᠣᠯᠵᠣᠬᠤ ᠤᠶᠢᠯᠡᠴᠢᠯᠡᠭᠡ᠂ ᠴᠠᠭ ᠢ ᠤᠷᠲᠤᠳᠬᠠᠬᠤ ᠤᠶᠢᠯᠡᠴᠢᠯᠡᠭᠡ ᠵᠢᠴᠢ ᠥᠪᠡᠷᠮᠢᠴᠡ ᠣᠨᠴᠠᠯᠢᠭ ᠲᠠᠢ ᠨᠡᠪᠲᠡᠷᠡᠬᠦ ᠵᠠᠮ ᠤᠨ ᠤᠶᠢᠯᠡᠴᠢᠯᠡᠭᠡ ᠶᠢ ᠬᠡᠷᠡᠭᠵᠢᠭᠦᠯᠵᠦ᠂ ᠪᠦᠬᠦ ᠶᠠᠪᠤᠴᠠ ᠳᠤ ᠣᠷᠣᠯᠠᠨ ᠭᠦᠢᠴᠠᠤᠡᠭᠡᠬᠦ ᠳᠤ ᠪᠠᠲᠤᠯᠠᠭ᠎ᠠ ᠬᠠᠩᠭᠠᠨ᠎ᠠ᠃      ᠮᠡᠳᠡᠭᠡ ᠵᠠᠩᠭᠢᠵᠢᠯᠲᠠ ᠶᠢᠨ ᠰᠦᠯᠵᠢᠶᠡᠨ ᠤ ᠲᠠᠪᠴᠠᠩ‌ᠢ ᠪᠠᠶᠢᠭᠤᠯᠵᠤ᠂ ︽ᠢᠨᠲ᠋ᠧᠷ ᠰᠦᠯᠵᠢᠶ᠎ᠡ+ ᠵᠠᠰᠠᠭ ᠤᠨ ᠶᠠᠪᠤᠳᠠᠯ ᠤᠨ ᠤᠶᠢᠯᠡᠴᠢᠯᠡᠭᠡ︾᠎ ᠶᠢ ᠪᠡᠶᠡᠯᠡᠭᠦᠯᠦᠨ᠎ᠡ      ᠲᠥᠪ ᠨᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠤᠶᠢᠯᠡᠰ ᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠬᠦ ᠪᠠᠷ ᠴᠢᠷᠮᠠᠶᠢᠵᠤ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠶᠢ ᠲᠡᠭᠦᠯᠳᠡᠷᠵᠢᠭᠦᠯᠦᠨ᠎ᠡ᠃ ᠬᠦᠯᠢᠶᠡᠨ ᠠᠪᠴᠤ ᠰᠢᠢᠤᠡᠪᠤᠷᠢᠯᠡᠬᠦ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ᠂ ᠢᠯᠡ ᠨᠡᠶᠢᠲᠡᠯᠡᠬᠦ᠂ ᠬᠠᠷᠢᠭᠤ ᠲᠤᠰᠬᠠᠬᠤ᠂ ᠵᠠᠭᠠᠯᠳᠤᠬᠤ ᠵᠡᠷᠭᠡ ᠴᠢᠳᠠᠮᠵᠢ ᠲᠠᠢ ᠪᠠᠶᠢᠵᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠠᠤᠡᠭᠡᠬᠦ ᠶᠡᠭᠡ ᠲᠢᠩᠬᠢᠮ ᠪᠠ ᠪᠣᠳᠠᠲᠤ ᠴᠣᠭᠴᠠ ᠶᠢᠨ ᠶᠡᠭᠡ ᠲᠢᠩᠬᠢᠮ ᠤᠨ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ᠂ ᠬᠡᠶᠢᠰᠪᠦᠷᠢ ᠪᠣᠳᠠᠲᠠᠶ ᠪᠠᠶᠢᠬᠤ ᠶᠢ ᠨᠢᠭᠡ ᠴᠣᠭᠴᠠᠵᠢᠭᠤᠯᠤᠭᠰᠠᠨ︾ ᠬᠢᠨᠠᠨ ᠵᠥᠪᠰᠢᠶᠡᠷᠡᠬᠦ ᠲᠠᠪᠴᠠᠩ ᠢ ᠪᠤᠢ ᠪᠣᠯᠭᠠᠵᠤ᠂ ᠭᠤᠤᠯ ᠸᠢᠴᠠᠲ ᠤᠨ ᠣᠯᠠᠨ ᠨᠡᠶᠢᠲᠡ ᠶᠢᠨ ᠨᠣᠮᠧᠷ ᠢ ᠠᠰᠢᠭᠯᠠ ᠠᠵᠢᠯ ᠶᠠᠪᠤᠳᠠᠯ ᠭᠦᠢᠴᠠᠤᠡᠭᠡᠬᠦ ᠵᠦᠭᠯᠡᠭᠦᠷ ᠢ ᠪᠠᠶᠢᠴᠠᠭᠠᠨ ᠯᠠᠪᠯᠠᠬᠤ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠳᠥᠭᠦᠮ ᠦᠵᠡᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠵᠢᠴᠢ ᠠᠵᠢᠯ ᠶᠠᠪᠤᠳᠠᠯ ᠭᠦᠢᠴᠠᠤᠡᠭᠡᠬᠦ ᠤᠷᠢᠳᠴᠢᠯᠠᠨ ᠪᠣᠯᠵᠣᠬᠤ᠂ ᠠᠵᠢᠯ ᠶᠠᠪᠤᠳᠠᠯ ᠭᠦᠢᠴᠠᠤᠡᠭᠡᠬᠦ ᠳᠤ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠤᠷᠢᠳᠴᠢᠯᠠᠨ ᠬᠢᠨᠠᠬᠤ᠂ ᠣᠷᠣᠯᠠᠨ ᠭᠦᠢᠴᠠᠤᠡᠭᠡᠬᠦ ᠤᠶᠢᠯᠡᠴᠢᠯᠡᠭᠡ ᠵᠡᠷᠭᠡ ᠶᠢ ᠪᠠᠭᠲᠠᠭᠠᠭᠰᠠᠨ ᠣᠯᠠᠨ ᠨᠡᠶᠢᠲᠡ ᠶᠢᠨ ᠤᠶᠢᠯᠡᠴᠢᠯᠡᠭᠡᠨ ᠤ ᠴᠢᠳᠠᠮᠵᠢ ᠶᠢ ᠬᠠᠩᠭᠠᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠡᠳᠦᠷ ᠲᠤᠲᠤᠮ ᠤᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠠᠵᠢᠯ ᠢ ᠭᠡᠳᠡᠷᠭᠦ ᠰᠢᠬᠠᠮᠳᠠᠭᠤᠯᠬᠤ ᠪᠠᠷᠢᠮᠵᠢᠶᠠᠵᠢᠭᠤᠯᠤᠯᠲᠠ ᠶᠢ ᠬᠠᠩᠭᠠᠨ᠎ᠠ᠃     ᠣᠶᠤᠨᠴᠢᠯᠠᠭᠰᠠᠨ ᠰᠢᠰᠲ᠋ᠧᠮ ᠢ ᠣᠷᠣᠭᠤᠯᠵᠤ ᠢᠷᠡᠨ᠂ ᠠᠵᠢᠯ ᠶᠠᠪᠤᠳᠠᠯ ᠡᠷᠬᠢᠯᠡᠬᠦ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠶ᠃     ᠰᠢᠨ᠎ᠡ ᠵᠠᠰᠠᠭ ᠤᠨ ᠶᠠᠪᠤᠳᠠᠯ ᠤᠨ ᠲᠢᠩᠬᠢᠮ ᠳᠤ ︽ᠣᠶᠤᠨᠴᠢ ᠪᠠᠷ ᠮᠥᠷᠯᠡᠵᠦ ᠳ᠋ᠤᠭᠠᠷᠯᠠᠬᠤ ᠰᠢᠰᠲ᠋ᠧᠮ︾᠎ ᠢ ᠤᠭᠰᠠᠷᠠᠵᠤ᠂ ᠠᠵᠢᠯ ᠶᠠᠪᠤᠳᠠᠯ ᠭᠦᠢᠴᠠᠤᠡᠭᠡᠬᠦ ᠣᠯᠠᠨ ᠲᠦᠮᠡᠨ ᠠᠪᠢᠶ᠎ᠠ ᠶᠢ ᠳᠠᠭᠤᠳᠠᠬᠤ ᠰᠠᠨᠠᠭᠤᠯᠤᠮᠵᠢ ᠶᠢᠨ ᠰᠢᠰᠲ᠋ᠧᠮ ᠵᠢᠴᠢ ᠳᠡᠯᠭᠡᠴᠡ ᠶᠢᠨ ᠬᠠᠯᠠᠭᠤᠨ ᠰᠠᠨᠠᠭᠤᠯᠤᠮᠵᠢ ᠶᠢ ᠦᠨᠳᠦᠰᠦᠯᠡᠨ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠤᠡᠪᠤᠷᠢᠯᠡᠬᠦ ᠴᠣᠩᠬᠤᠪᠴᠢ ᠶᠢ ᠣᠨᠣᠪᠴᠢᠲᠠᠶ ᠡᠷᠢᠨ ᠣᠯᠵᠤ᠂ ᠡᠮᠬᠢ ᠵᠢᠷᠤᠮ ᠲᠠᠢ ᠬᠦᠯᠢᠶᠡᠵᠦ ᠪᠣᠯᠤᠨ᠎ᠠ︔ ᠬᠡᠷᠡᠭ ᠡᠷᠬᠢᠯᠡᠭᠦᠯᠬᠦ ᠣᠯᠠᠨ ᠲᠦᠮᠡᠨ ᠲᠡᠮᠲᠡᠷᠢᠬᠦ ᠳᠡᠯᠭᠡᠴᠡ ᠪᠠᠷ ᠠᠰᠠᠷ ᠤᠨ ᠳᠠᠪᠬᠤᠷᠭ᠎ᠠ ᠵᠢᠴᠢ ᠨᠢᠭᠡᠴᠡ ᠶᠢᠨ ᠲᠠᠨᠢᠯᠴᠠᠭᠤᠯᠭ᠎ᠠ ᠶᠢ ᠪᠠᠶᠢᠴᠠᠭᠠᠨ ᠯᠠᠪᠯᠠᠵᠤ᠂ ᠬᠡᠷᠡᠭ ᠡᠷᠬᠢᠯᠡᠭᠦᠯᠬᠦ ᠣᠯᠠᠨ ᠲᠦᠮᠡᠨ ᠤ ︽ᠡᠷᠢᠬᠦ ᠳᠤ ᠬᠦᠴᠢᠷᠲᠡᠶ︾᠂ ︽ᠡᠷᠢᠵᠦ ᠣᠯᠬᠤ ᠦᠭᠡᠢ︾ ᠠᠯᠢ ᠣᠯᠠᠨ ᠦᠵᠡᠭᠳᠡᠯ ᠢ ᠪᠠᠭᠠᠰᠬᠠᠵᠤ ᠪᠣᠯᠤᠨ᠎ᠠ᠃︽ᠣᠶᠤᠨᠴᠢ ᠪᠠᠷ ᠮᠥᠷᠯᠡᠵᠦ ᠳ᠋ᠤᠭᠠᠷᠯᠠᠬᠤ ᠰᠢᠰᠲ᠋ᠧᠮ︾᠂ ᠲᠡᠮᠲᠡᠷᠢᠬᠦ ᠳᠡᠯᠭᠡᠴᠡ ᠪᠠᠷ ᠠᠵᠢᠯᠯᠠᠵᠤ ᠪᠠᠶᠢᠭ᠎ᠠ‌ᠣᠯᠠᠨ ᠲᠦᠮᠡᠨ ᠤ ᠴᠣᠩᠬᠤᠨ ᠤ ᠡᠮᠦᠨ᠎ᠡ ᠣᠪᠣᠭᠠᠷᠠᠨ ᠬᠦᠯᠢᠶᠡᠵᠦ ᠪᠠᠶᠢᠭ᠎ᠠ ᠪᠠᠶᠢᠳᠠᠯ᠂ ᠠᠵᠢᠯ ᠶᠠᠪᠤᠳᠠᠯ ᠡᠷᠬᠢᠯᠡᠬᠦ ᠣᠷᠴᠢᠨ ᠲᠣᠭᠤᠷᠢᠨ ᠤᠶᠢᠮᠡᠯᠳᠤᠵᠤ ᠪᠠᠶᠢᠭ᠎ᠠ‌ᠵᠡᠷᠭᠡ ᠪᠠᠶᠢᠳᠠᠯ ᠢ ᠪᠦᠲᠦᠮᠵᠢᠲᠡᠶ ᠨᠠᠮᠳᠠᠭᠤᠯᠵᠤ᠂ ᠪᠦᠬᠦ᠋ᠢᠯᠡ ᠠᠵᠢᠯ ᠶᠠᠪᠤᠳᠠᠯ ᠭᠦᠢᠴᠠᠤᠡᠭᠡᠬᠦ ᠲᠢᠩᠬᠢᠮ ᠡᠮᠬᠢ ᠳᠢᠭᠯᠢᠮ ᠲᠠᠢ ᠪᠣᠯᠪᠠ᠃      ᠴᠤᠪᠤᠷᠠᠯ ᠢ ᠢᠯᠠ ᠪᠣᠯᠭᠠᠵᠤ ᠠᠷᠠᠳ ᠲᠤ ᠳᠥᠭᠦᠮ ᠦᠵᠡᠭᠦᠯᠬᠦ      ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠴᠣᠩᠬᠤᠪᠴᠢ ᠵᠢᠴᠢ ᠢᠯᠡ ᠲᠣᠳᠣ ᠣᠷᠣᠨ ᠪᠠᠶᠢᠷᠢ ᠳᠤ ᠰᠢᠢᠤᠡᠪᠤᠷᠢᠯᠡᠬᠦ ᠵᠤᠶᠢᠯᠡᠰ ᠢ ᠭᠦᠢᠴᠠᠤᠡᠭᠡᠬᠦ ᠴᠤᠪᠤᠷᠠᠯ ᠤᠨ ᠵᠢᠷᠤᠭ ᠢ ᠳᠡᠯᠭᠡᠨ ᠲᠠᠯᠪᠢᠵᠤ᠂ ᠠᠵᠢᠯ ᠶᠠᠪᠤᠳᠠᠯ ᠭᠦᠢᠴᠠᠤᠡᠭᠡᠬᠦ ᠣᠯᠠᠨ ᠲᠦᠮᠡᠨ ᠤᠶᠢᠯᠡᠴᠢᠯᠡᠭᠡᠨ ᠤ ᠵᠦᠭᠯᠡᠭᠦᠷ ᠪᠤᠶᠤ ᠴᠤᠪᠤᠷᠠᠯ ᠤᠨ ᠵᠢᠷᠤᠭ ᠢ ᠪᠠᠶᠢᠴᠠᠭᠠᠨ ᠦᠵᠡᠬᠦ ᠪᠠᠷ ᠳᠠᠮᠵᠢᠭᠤᠯᠤᠨ ᠰᠢᠢᠤᠡᠪᠤᠷᠢᠯᠡᠬᠦ ᠴᠢᠬᠤᠯᠠᠲᠠᠶ ᠵᠤᠶᠢᠯᠡᠰ᠂ ᠴᠤᠪᠤᠷᠠᠯ᠂ ᠴᠠᠭ ᠤᠨ ᠬᠢᠵᠠᠭᠠᠷ᠂ ᠭᠠᠵᠠᠷ ᠣᠷᠣᠨ ᠵᠢᠴᠢ ᠯᠠᠪᠯᠠᠬᠤ ᠤᠲᠠᠰᠤ ᠵᠡᠷᠭᠡ ᠠᠭᠤᠯᠭ᠎ᠠ ᠶᠢ ᠤᠯᠠᠮ ᠨᠢᠭᠡ ᠠᠯᠬᠤᠮ ᠣᠶᠢᠯᠠᠭᠠᠵᠤ᠂ ᠬᠡᠷᠡᠭᠰᠡᠬᠦ ᠮᠠᠲ᠋ᠧᠷᠢᠶᠠᠯ ᠢ ᠤᠷᠢᠳᠴᠢᠯᠠᠨ ᠪᠡᠯᠡᠳᠬᠡᠬᠦ ᠳᠤ ᠳᠥᠭᠦᠮ ᠦᠵᠡᠭᠦᠯᠵᠦ᠂ ᠤᠴᠢᠷ ᠶᠠᠪᠤᠳᠠᠯ ᠢ ᠭᠦᠢᠴᠠᠤᠡᠭᠡᠬᠦ ᠶᠢ ᠲᠦᠷᠭᠡᠬᠡᠨ ᠪᠡᠶᠡᠯᠡᠭᠦᠯᠬᠦ ᠬᠡᠷᠡᠭᠲᠡᠶ᠃      ᠣᠯᠠᠨ ᠲᠦᠮᠡᠨ ᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠦᠨᠡᠯᠡᠬᠦ ᠠᠷᠭ᠎ᠠ ᠵᠠᠮ  ᠢ ᠥᠷᠭᠡᠵᠢᠭᠦᠯᠬᠦ ᠬᠡᠷᠡᠭᠲᠡᠶ᠃      ᠣᠯᠠᠨ ᠲᠦᠮᠡᠨ ᠤ ᠬᠢᠨᠠᠯᠲᠠ ᠶᠢ ᠴᠢᠩᠭᠠᠳᠬᠠᠵᠤ᠂ ᠴᠣᠩᠬᠤᠪᠴᠢ ᠤᠶᠢᠯᠡᠴᠢᠯᠡᠭᠡ ᠶᠢ ᠵᠢᠷᠤᠮᠵᠢᠭᠤᠯᠬᠤ ᠶᠢᠨ ᠲᠥᠯᠥᠭᠡ᠂ ᠰᠢᠨ᠎ᠡ ᠵᠠᠰᠠᠭ ᠤᠨ ᠶᠠᠪᠤᠳᠠᠯ ᠤᠨ ᠲᠢᠩᠬᠢᠮ ᠨᠢᠭᠡᠪᠦᠷᠢ ᠨᠢ ᠴᠥᠮ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠦᠨᠡᠯᠡᠬᠦ ᠬᠡᠮᠵᠢᠭᠦᠷᠯᠢᠭ ᠢ ᠲᠣᠬᠢᠷᠠᠭᠤᠯᠵᠤ᠂ ᠠᠵᠢᠯ ᠶᠠᠪᠤᠳᠠᠯ ᠭᠦᠢᠴᠠᠤᠡᠭᠡᠬᠦ ᠣᠯᠠᠨ ᠲᠦᠮᠡᠨ ᠴᠣᠩᠬᠤᠪᠴᠢ ᠠᠵᠢᠯᠲᠠᠨ ᠤ ᠤᠶᠢᠯᠡᠴᠢᠯᠡᠬᠦ ᠣᠪᠣᠷ᠂ ᠤᠶᠢᠯᠡᠴᠢᠯᠡᠭᠡᠨ ᠤ ᠶᠠᠰᠤ ᠴᠢᠨᠠᠷ ᠵᠡᠷᠭᠡ ᠳᠤ ᠲᠤᠬᠠᠶ ᠶᠢᠨ ᠲᠠᠯᠠᠪᠤᠷ ᠤᠨ ᠦᠨᠡᠯᠡᠯᠲᠡ ᠬᠢᠵᠦ ᠪᠣᠯᠤᠨ᠎ᠠ᠃ ᠡᠭᠦᠨ ᠤ ᠳᠤ ᠬᠠᠮᠲᠤ ᠵᠠᠭᠠᠯᠳᠤᠬᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠬᠦ ᠶᠢᠨ ᠬᠠᠮᠲᠤ ᠠᠵᠢᠯᠲᠠᠨ ᠢ ᠫᠠᠶᠢᠰᠠ ᠡᠯᠭᠦᠨ ᠠᠵᠢᠯ ᠤᠨ ᠪᠠᠶᠢᠷᠢ ᠳᠤ ᠭᠠᠷᠭᠠᠵᠤ᠂ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ ᠭᠡᠵᠦ ᠱᠠᠭᠠᠷᠳᠠᠪᠠ᠃      ᠲᠥᠪ ᠨᠢ ᠨᠢᠭᠡ ᠥᠷᠲᠡᠭᠡ ᠮᠠᠶ᠋ᠢᠭ ᠤᠨ ᠪᠥᠬᠦ ᠶᠠᠪᠤᠴᠠ ᠳᠤ ᠣᠷᠣᠯᠠᠨ ᠭᠦᠢᠴᠠᠤᠡᠭᠡᠬᠦ ᠤᠶᠢᠯᠡᠴᠢᠯᠡᠭᠡ ᠶᠢ ᠥᠷᠨᠢᠭᠦᠯᠦᠭᠰᠡᠨ ᠠᠴᠠ ᠨᠠᠰᠢ᠂ ᠣᠯᠠᠨ ᠲᠦᠮᠡᠨ ᠳᠤ ᠳᠥᠭᠦᠮ ᠦᠵᠡᠭᠦᠯᠵᠦ᠂ ᠡᠯ᠎ᠡ ᠱᠠᠲᠤᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠤᠶᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠤ ᠬᠠᠮᠲᠤ ᠪᠠᠰᠠ ᠥᠷᠭᠡᠨ ᠣᠯᠠᠨ ᠠᠵᠢᠯ ᠬᠡᠷᠡᠭ ᠡᠷᠬᠢᠯᠡᠬᠦ ᠣᠯᠠᠨ ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠤ᠂ ᠲᠥᠪ ᠨᠢ ᠴᠦ ᠦᠷᠭᠦᠯᠵᠢᠯᠡᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠶᠢᠯᠡᠴᠢᠯᠡᠭᠡᠨ ᠤ ᠬᠢᠷᠢ ᠬᠡᠮᠵᠢᠶ᠎ᠡ ᠪᠠ ᠤᠶᠢᠯᠡᠴᠢᠯᠡᠭᠡᠨ ᠤ ᠶᠠᠰᠤ ᠴᠢᠨᠠᠷ  ᠢ ᠲᠠᠰᠤᠷᠠᠯᠲᠠ ᠥᠬᠡᠶ ᠴᠢᠩᠭᠠᠷᠠᠭᠤᠯᠤᠨ᠂ ᠥᠷᠭᠡᠨ ᠣᠯᠠᠨ ᠠᠷᠠᠳ ᠲᠦᠮᠡᠨ ᠳᠤ ᠨᠠᠩ ᠰᠠᠶᠢᠨ ᠨᠢᠭᠡ ᠥᠷᠲᠡᠭᠡ ᠮᠠᠶ᠋ᠢᠭ ᠤᠨ ᠣᠷᠣᠯᠠᠨ ᠭᠦᠢᠴᠠᠤᠡᠭᠡᠬᠦ ᠤᠶᠢᠯᠡᠴᠢᠯᠡᠭᠡ ᠬᠠᠩᠭᠠᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号