ᠨᠣᠭᠤᠭᠠᠨ ᠥᠩᠭᠡ ᠨᠢ ᠬᠠᠶᠢᠷᠤᠪ ᠤᠨ ᠲᠣᠬᠤᠢ ᠶᠢᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠳᠡᠪᠢᠰᠬᠡᠷ ᠥᠩᠭᠡ ᠪᠣᠯᠵᠤ ᠪᠠᠶᠢᠨ᠎ᠠ
ᠨᠡᠶᠢᠲᠡᠯᠡᠭᠰᠡᠨ ᠴᠠᠭ᠄
2019-12-13
     ᠤᠶᠢᠷ᠎ᠠ ᠶᠢᠨ ᠵᠢᠯ ᠠᠴᠠ ᠨᠠᠭᠠᠰᠢ᠂ ᠬᠠᠶᠢᠷᠤᠪ ᠤᠨ ᠲᠣᠬᠤᠢ ᠲᠣᠭᠤᠷᠢᠭ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ ᠨᠢᠭᠡ ᠰᠠᠭᠤᠷᠢ ᠰᠠᠭᠤᠷᠢ ᠬᠠᠷ᠎ᠠ ᠠᠭᠤᠷᠬᠠᠶ ᠳᠤ ᠨᠣᠭᠤᠭᠠᠨ ᠥᠩᠭᠡᠲᠦ ᠬᠤᠪᠴᠠᠰᠤ ᠨᠥᠮᠥᠷᠦᠭᠦᠯᠵᠦ᠂ ᠨᠡᠭᠦᠷᠡᠰᠦᠨ ᠣᠪᠣᠭ᠎ᠠ ᠶᠢᠨ ᠰᠢᠭᠠᠷᠤ ᠶᠢᠨ ᠠᠭᠤᠯᠠ ᠶᠠᠭ ᠰᠠᠶᠢᠬᠠᠨ ᠴᠡᠯᠡᠭᠡᠷ ᠠᠭᠤᠯᠠ ᠪᠣᠯᠵᠤ ᠪᠠᠶᠢᠨ᠎ᠠ᠃      ᠲᠦᠷᠦᠭᠦᠬᠡᠨ᠂ ᠰᠤᠷᠪᠤᠯᠵᠢᠯᠠᠭᠴᠢ ᠥᠪᠥᠷ ᠮᠣᠩᠭᠤᠯ ᠤᠨ ᠳ᠋ᠧ ᠱᠧᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠭᠤᠷᠪᠠᠳᠤᠭᠠᠷ ᠠᠭᠤᠷᠬᠠᠶ ᠳᠤ᠂ ᠠᠵᠢᠯᠲᠠᠳ ᠶᠠᠭ ᠨᠣᠭᠤᠭᠠᠷᠠᠭᠤᠯᠤᠯᠲᠠ ᠶᠢᠨ ᠬᠤᠭᠤᠯᠠᠶ ᠳᠤ ᠳᠤᠯᠠᠭᠠᠨ ᠢ ᠬᠠᠮᠠᠭᠠᠯᠠᠨ ᠬᠥᠯᠳᠡᠬᠦ ᠶᠢ ᠰᠡᠷᠭᠡᠶᠢᠯᠡᠬᠦ ᠠᠵᠢᠯ ᠬᠢᠵᠦ ᠪᠠᠶᠢᠬᠤ ᠶᠢ ᠣᠯᠵᠤ ᠬᠠᠷᠠᠪᠠ᠃ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠲᠤᠯᠠᠬᠤ ᠶᠢᠨ ᠲᠥᠯᠥᠭᠡ᠂ ᠳ᠋ᠧ ᠱᠧᠩ ᠭᠤᠷᠪᠠᠨ ᠠᠭᠤᠷᠬᠠᠶ ᠳᠤ 1000 ᠮᠧᠲᠷ ᠤᠨ ᠤᠰᠤᠨ ᠣᠩᠭᠤᠴᠠ᠂ 35000 ᠮᠧᠲᠷ ᠤᠨ ᠨᠣᠭᠤᠭᠠᠷᠠᠭᠤᠯᠤᠯᠲᠠ ᠶᠢᠨ ᠬᠤᠭᠤᠯᠠᠶ᠂ 4 ᠤᠰᠤᠨ ᠴᠥᠭᠦᠷᠥᠮ ᠪᠠᠶᠢᠭᠤᠯᠵᠤ᠂ 6000 ᠮᠧᠲᠷ ᠤᠨ ᠤᠰᠤ ᠬᠠᠩᠭᠠᠬᠤ ᠬᠤᠭᠤᠯᠠᠶ ᠳᠡᠪᠢᠰᠴᠦ᠂ ︽ᠣᠷᠴᠢᠨ ᠲᠣᠭᠤᠷᠢᠨ‌ᠢ ᠬᠠᠮᠠᠭᠠᠯᠠᠬᠤ ᠤᠷᠭᠤᠮᠠᠯ ᠬᠡᠪᠢᠰ︾᠎ ᠤᠨ ᠬᠡᠯᠪᠡᠷᠢ ᠪᠠᠷ 2587 ᠺᠢᠯᠣᠭ᠍ᠷᠠᠮ ᠨᠣᠭᠤᠭᠠᠷᠠᠭᠤᠯᠤᠯᠲᠠ ᠶᠢᠨ ᠡᠪᠡᠰᠦᠨ ᠦᠷ᠎ᠡ ᠲᠠᠷᠢᠵᠤ᠂ ᠣᠳᠣᠬᠠᠨ ᠳᠤ ᠰᠢᠷᠣᠶ ᠭᠠᠳᠠᠭᠰᠢᠯᠠᠭᠤᠯᠬᠤ ᠲᠠᠯᠠᠪᠠᠢ ᠶᠢ ᠴᠡᠭᠴᠡᠯᠡᠨ ᠵᠠᠰᠠᠬᠤ ᠠᠵᠢᠯ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃      ︽ᠣᠳᠣ ᠶᠢᠨ ᠭᠤᠤᠯ ᠠᠵᠢᠯ ᠪᠣᠯ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ ᠪᠣᠯᠤᠨ᠎ᠠ᠃ ᠡᠨᠡ ᠵᠢᠯ ᠮᠠᠨ ᠤ ᠠᠭᠤᠷᠬᠠᠢ ᠶᠢᠨ ᠨᠣᠭᠤᠭᠠᠷᠠᠭᠤᠯᠤᠯᠲᠠ ᠶᠢᠨ ᠲᠠᠯᠠᠪᠠᠢ 13 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 2244 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠳᠠᠷᠠᠭ᠎ᠠ ᠵᠢᠯ ᠡᠮᠦᠨᠡᠬᠢ ᠬᠤᠭᠤᠴᠠᠭᠠᠨ ᠤ ᠦᠷ᠎ᠡ ᠪᠦᠲᠦᠮᠵᠢ ᠪᠠᠷ ᠠᠨᠠᠶ ᠣᠷᠣᠨ ᠪᠦᠰᠡ ᠶᠢ ᠳᠠᠬᠢᠨ ᠰᠡᠯᠪᠢᠨ ᠵᠠᠰᠠᠵᠤ᠂ ᠨᠣᠭᠤᠭᠠᠷᠠᠭᠤᠯᠤᠯᠲᠠ ᠶᠢᠨ ᠲᠠᠯᠠᠪᠠᠢ ᠶᠢ ᠥᠷᠭᠡᠳᠬᠡᠬᠦ ᠪᠠᠷ ᠲᠥᠯᠥᠪᠯᠡᠵᠦ ᠪᠠᠶᠢᠨ᠎ᠠ᠃︾ ᠭᠡᠵᠡᠶ᠃      ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤᠮᠳᠠ᠂ ᠥᠪᠥᠷ ᠮᠣᠩᠭᠤᠯ ᠤᠨ ᠳ᠋ᠧ ᠱᠧᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠢᠭᠡᠳᠦᠭᠡᠷ ᠠᠭᠤᠷᠬᠠᠶ᠂ ᠬᠤᠶᠠᠳᠤᠭᠠᠷ ᠠᠭᠤᠷᠬᠠᠶ᠂ ᠭᠤᠷᠪᠠᠳᠤᠭᠠᠷ ᠠᠭᠤᠷᠬᠠᠶ ᠨᠢ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠪᠠᠷᠢᠮᠲᠠᠯᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠪᠠ᠃ ᠡᠨᠡ ᠵᠢᠯ᠂ ᠳ᠋ᠧ ᠱᠧᠩ ᠭᠤᠷᠪᠠᠨ ᠠᠭᠤᠷᠬᠠᠶ ᠨᠢ ᠤᠯᠤᠰ ᠠᠴᠠ ᠪᠣᠬᠢᠷᠲᠤᠯ ᠦᠭᠡᠢ ᠠᠭᠤᠷᠬᠠᠢ ᠶᠢᠨ ᠰᠢᠯᠭᠠᠨ ᠪᠠᠶᠢᠴᠠᠭᠠᠯᠲᠠ ᠳᠤ ᠵᠢᠩᠬᠢᠨᠢ ᠪᠠᠷ ᠬᠢᠷᠢ ᠲᠡᠩᠴᠡᠪᠡ᠃     ︽ᠺᠣᠮᠫᠠᠨᠢ ᠳᠤ ᠮᠠᠯᠲᠠᠵᠤ ᠬᠤᠭᠤᠰᠣᠷᠠᠭᠤᠯᠬᠤ ᠣᠷᠣᠨ ᠢ ᠵᠠᠰᠠᠬᠤ ᠲᠥᠷᠥᠯ ᠵᠤᠶᠢᠯ ᠪᠣᠶ᠂ 120 ᠲᠦᠮᠡᠨ ᠲᠣᠨ ᠤ ᠵᠠᠳᠠᠭᠠᠶ ᠨᠡᠭᠦᠷᠡᠰᠦᠨ ᠠᠭᠤᠷᠬᠠᠶ ᠬᠤᠶᠠᠷ ᠪᠣᠶ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤᠮᠳᠠ᠂ ᠵᠠᠰᠠᠯᠲᠠ ᠶᠢᠨ ᠶᠠᠷᠤᠩᠬᠡᠢ ᠲᠠᠯᠠᠪᠠᠢ ᠪᠠᠷᠤᠭ 50 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠪᠠᠷᠤᠭ 8000 ᠲᠦᠮᠡᠨ ᠲᠥᠭᠦᠷᠢᠭ ᠲᠤ ᠬᠦᠷᠴᠡᠶ᠃ ᠬᠤᠶᠢᠰᠢᠳᠠ᠂ ᠪᠢᠳᠡ ᠦᠷᠭᠦᠯᠵᠢᠯᠡᠨ ︿ᠴᠡᠩᠬᠡᠭ ᠤᠰᠤ ᠬᠦᠬᠡ ᠠᠭᠤᠯᠠ ᠪᠤᠯ ᠠᠯᠲᠠᠨ ᠠᠭᠤᠯᠠ ᠮᠦᠩᠬᠦ ᠠᠭᠤᠯᠠ﹀ ᠭᠡᠬᠦ ᠤᠶᠢᠯᠠᠭᠠᠭᠳᠠᠬᠤᠨ ᠢ ᠪᠠᠷᠢᠮᠲᠠᠯᠠᠵᠤ᠂ ᠡᠨᠡᠬᠦ ᠨᠣᠭᠤᠭᠠᠨ ᠬᠠᠯᠬᠠᠪᠴᠢ ᠶᠢ ᠡᠷᠡᠰ ᠰᠠᠶᠢᠲᠤᠷ ᠰᠠᠬᠢᠨ ᠬᠠᠮᠠᠭᠠᠯᠠᠨ᠎ᠠ᠃︾ ᠭᠡᠵᠡᠶ᠃     ᠥᠪᠥᠷ ᠮᠣᠩᠭᠤᠯ ᠤᠨ ᠳ᠋ᠧ ᠱᠧᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠭᠠᠳᠠᠨ᠎ᠠ᠂ ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠠᠭᠤᠷᠬᠠᠢ ᠶᠢᠨ ᠠᠵᠤ ᠠᠬᠤᠶᠢᠯᠠᠯ ᠴᠥᠮ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠵᠥᠪᠬᠡᠨ 2019 ᠣᠨ ᠳᠤ ᠳᠠᠷᠤᠶ 34342 ᠰᠠᠭᠤᠷᠢ ᠡᠯ᠎ᠡ ᠲᠥᠷᠥᠯ ᠤᠨ ᠵᠤᠯᠵᠠᠭ᠎ᠠ ᠮᠣᠳᠣ ᠲᠠᠷᠢᠵᠤ᠂ ᠰᠢᠷᠣᠶ ᠭᠠᠳᠠᠭᠰᠢᠯᠠᠭᠤᠯᠬᠤ ᠲᠠᠯᠠᠪᠠᠢ ᠨᠢ ᠨᠠᠯᠠᠤ ᠪᠠᠨ ᠬᠤᠰᠤᠬᠤ᠂ ᠬᠡᠯᠪᠡᠷᠢᠵᠢᠭᠦᠯᠬᠦ᠂ ᠰᠢᠷᠣᠶ ᠨᠤᠷᠠᠭᠠᠬᠤ ᠶᠢ 109.82 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠨᠣᠭᠤᠭᠠᠷᠠᠭᠤᠯᠤᠯᠲᠠ ᠶᠢᠨ ᠲᠠᠯᠠᠪᠠᠢ ᠨᠢ ᠪᠠᠷᠤᠭ 78.18 ᠲᠦᠮᠡᠨ ᠲᠡᠭᠰᠢ ᠳᠥᠷᠪᠡᠯᠵᠢᠨ ᠮᠧᠲᠷ ᠬᠦᠷᠴᠡᠶ᠃ ᠣᠳᠣ ᠶᠢᠨ ᠠᠭᠤᠷᠬᠠᠢ ᠶᠢᠨ ᠣᠷᠣᠨ ᠨᠢᠭᠡᠨᠲᠡ ᠪᠦᠲᠡᠬᠢ ᠣᠭᠲᠠᠷᠭᠤᠶ ᠠᠴᠠ ᠰᠠᠯᠵᠤ᠂ ᠭᠠᠵᠠᠷ ᠪᠣᠯᠭᠠᠨ ᠳᠤ ᠨᠣᠭᠤᠭᠠᠨ ᠥᠩᠭᠡ ᠶᠢᠨ ᠨᠥᠮᠥᠷᠭᠡ ᠨᠥᠮᠥᠷᠴᠦ᠂ ᠬᠥᠮᠦᠰ ᠤᠨ ᠠᠭᠤᠷᠬᠠᠶ ᠳᠠᠬᠢ ᠰᠠᠭᠤᠭᠳᠠᠯ ᠶᠠᠭ ︽ᠬᠠᠷ᠎ᠠ︾ ᠪᠠᠶᠢᠭᠰᠠᠨ ᠠᠴᠠ ︽ᠨᠣᠭᠤᠭᠠᠨ︾ ᠪᠣᠯᠵᠤ ᠪᠠᠶᠢᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号