ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠢᠨ ᠡᠮᠡᠭᠲᠡᠢᠴᠦᠳ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-12-20
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ᠂ ᠨᠠᠮ ᠤᠨ ᠭᠡᠰᠢᠭᠦᠨ ᠤ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ ᠤᠶᠢᠷ᠎ᠠ ᠳᠤ᠂ ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠱᠧᠩ ᠱᠢ ᠨᠡᠶᠢᠭᠡᠮ ᠲᠣᠭᠤᠷᠢᠭ ᠪᠣᠯᠤᠨ ᠪᠢᠨ ᠱᠦᠶ ᠨᠡᠶᠢᠭᠡᠮ ᠲᠣᠭᠤᠷᠢᠭ ᠲᠣᠰ ᠲᠣᠰ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ‌ᠥᠷᠨᠢᠭᠦᠯᠵᠡᠶ᠃       ᠠᠵᠢᠯᠯᠠᠭ᠎ᠠ ᠨᠢ ︽ᠤᠭ ᠰᠠᠨᠠᠭ᠎ᠠ ᠪᠠ‌ᠡᠭᠦᠷᠭᠡ ᠬᠠᠷᠢᠭᠤᠴᠠᠯᠭ᠎ᠠ ᠨᠢ ᠶᠠᠭᠤ ᠪᠣᠶ︖︾ ︽ᠶᠠᠭᠤᠨ ᠳᠤ ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ‌ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠬᠡᠷᠡᠭᠲᠡᠶ︾᠂ ︽ᠬᠡᠷᠬᠢᠨ ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠥᠯᠥ ᠭᠤᠲᠤᠭᠠᠬᠤ︾ ᠵᠡᠷᠭᠡ ᠲᠠᠯ᠎ᠠ ᠪᠠᠷ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠰᠢᠨ᠎ᠡ ᠴᠠᠭ ᠦᠶ᠎ᠡ ᠶᠢᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠭᠠᠬᠤ ᠬᠡᠷᠡᠭᠲᠡᠶ᠃ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠨᠠᠮ ᠤᠨ ᠭᠡᠰᠢᠭᠦᠨ ᠠᠵᠠ ᠵᠠᠪᠰᠢᠶᠠᠨ ᠢᠶᠠᠷ ᠰᠢᠨ᠎ᠡ ᠴᠠᠭ ᠦᠶ᠎ᠡ ᠳᠤ ᠣᠷᠣᠰᠢᠵᠤ ᠪᠠᠶᠢᠬᠤ ᠪᠣᠯᠬᠤᠷ ᠡᠳᠦᠷ ᠲᠤᠲᠤᠮ ᠤᠨ ᠠᠵᠢᠯ ᠠᠮᠢᠳᠤᠷᠠᠯ ᠤᠨ ᠳᠤᠮᠳᠠ ᠪᠠᠨ ᠨᠠᠩ ᠴᠤ ᠨᠠᠮ ᠤᠨ ᠬᠦᠰᠡᠯᠡᠩ ᠢᠲᠡᠭᠡᠯ ᠪᠢᠰᠢᠷᠡᠯ ᠢ ᠪᠠᠲᠤ ᠴᠡᠭᠡᠵᠢᠯᠡᠵᠦ᠂ ᠰᠠᠶᠢᠲᠤᠷ ᠴᠢᠷᠮᠠᠶᠢᠨ ᠬᠢᠵᠦ᠂ ᠰᠢᠨ᠎ᠡ ᠴᠠᠭ ᠦᠶ᠎ᠡ ᠶᠢᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠢᠯᠡᠳᠬᠡᠵᠡᠭᠡᠪᠡ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠳᠤ ᠮᠠᠰᠢ ᠰᠠᠶᠢᠨ ᠦᠷ᠎ᠡ ᠪᠦᠲᠦᠮᠵᠢ ᠣᠯᠵᠠᠶ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号