ᠬᠠᠶᠢᠷᠤᠪ ᠤᠨ ᠲᠣᠬᠤᠢ ᠲᠣᠭᠤᠷᠢᠭ ᠤᠨ ᠬᠢᠨ ︽ᠲᠠᠯᠪᠢᠬᠤ ᠬᠠᠮᠢᠶᠠᠷᠬᠤ ᠤᠶᠢᠯᠡᠴᠢᠯᠡᠬᠦ︾᠎ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-12-20
     ᠤᠶᠢᠷ᠎ᠠ ᠶᠢᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠬᠢᠨ ︽ᠲᠠᠯᠪᠢᠬᠤ ᠬᠠᠮᠢᠶᠠᠷᠬᠤ ᠤᠶᠢᠯᠡᠴᠢᠯᠡᠬᠦ︾ ‍ᠤᠨ‌ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠴᠢᠩ ᠶᠤᠸᠠᠨ ᠨᠥᠬᠦᠷ ᠬᠤᠷᠠᠯ ᠳᠤ ᠣᠷᠣᠯᠴᠠᠭᠰᠠᠨ ᠪᠥᠭᠡᠳ ᠭᠤᠤᠯᠳᠠᠯᠭ᠎ᠠ ᠲᠠᠢ ᠠᠵᠢᠯ ᠢ ᠠᠬᠢᠭᠤᠯᠬᠤ ᠳᠤ ᠴᠢᠭᠯᠡᠭᠦᠯᠦᠨ ᠪᠣᠳᠠᠲᠠᠶ ᠱᠠᠭᠠᠷᠳᠠᠯᠭ᠎ᠠ ᠳᠤᠷᠠᠳᠴᠠᠶ᠃
     ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠬᠠᠶᠢᠷᠤᠪ ᠤᠨ ᠲᠣᠬᠤᠢ ᠲᠣᠭᠤᠷᠢᠭ ᠤᠨ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠣᠷᠣᠵᠤ ᠰᠠᠭᠤᠬᠤ ᠨᠢᠭᠡᠴᠡ᠂ ᠣᠷᠣᠵᠤ ᠰᠠᠭᠤᠬᠤ ᠤᠴᠢᠷ ᠶᠠᠪᠤᠳᠠᠯ ᠤᠨ ᠪᠠᠶᠢᠳᠠᠯ ᠢ ᠮᠡᠳᠡᠭᠳᠡᠭᠦᠯᠭᠦ ᠶᠢᠨ ᠬᠠᠮᠲᠤ ᠪᠠᠶᠢᠷᠢᠯᠠᠭᠤᠯᠪᠠ᠃      ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ︽ᠲᠠᠯᠪᠢᠬᠤ ᠬᠠᠮᠢᠶᠠᠷᠬᠤ ᠤᠶᠢᠯᠡᠴᠢᠯᠡᠬᠦ︾᠎ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠤᠶᠢᠯᠡᠰ ᠢ ᠵᠠᠷᠯᠠᠨ ᠮᠡᠳᠡᠭᠳᠡᠵᠦ᠂ ᠤᠨ ᠤ ᠰᠢᠯᠭᠠᠨ ᠬᠢᠨᠠᠬᠤ ᠠᠵᠢᠯ ᠢ ᠪᠠᠶᠢᠷᠢᠯᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠡᠷᠬᠢᠨ ᠥᠷᠨᠢᠭᠦᠯᠬᠦ᠂ ᠎ ᠶᠢ ᠭᠤᠤᠯᠴᠢᠯᠠᠨ ᠴᠢᠬᠤᠯᠠᠴᠢᠯᠠᠪᠠ᠃ ᠣᠳᠣᠬᠠᠨ ᠳᠤ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ ᠡᠮᠬᠢᠯᠡᠨ ᠳᠢᠭᠯᠡᠭᠰᠡᠨ ᠪᠥᠬᠦ ᠲᠤᠭᠤᠷᠢᠭ ᠤᠨ 433 ᠵᠤᠶᠢᠯ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠢ ᠨᠢᠭᠡᠨᠲᠡ ᠦᠬᠠᠶ ᠬᠤᠲᠠ ᠶᠢᠨ ᠤᠶᠤᠨᠲᠤ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠤ ᠪᠢᠴᠢᠨ ᠣᠷᠣᠭᠤᠯᠵᠤ᠂ ᠨᠢᠭᠡᠨᠲᠡ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠠᠯᠭᠠᠰᠤ᠂ ᠵᠡᠭᠡᠯᠢ ᠭᠤᠳᠤᠮᠵᠢ ᠶᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ 38 ᠵᠤᠶᠢᠯᠡᠰ ᠢ ᠡᠮᠬᠢᠯᠡᠨ ᠲᠢᠭᠯᠡᠵᠦ᠂ ᠣᠳᠣᠬᠠᠨ ᠳᠤ ᠶᠠᠭ ᠦᠬᠠᠶ ᠬᠤᠲᠠ ᠶᠢᠨ ᠤᠶᠤᠨᠲᠤ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠤ ᠪᠢᠴᠢᠨ ᠣᠷᠣᠭᠤᠯᠵᠤ᠂ ᠪᠦᠬᠦᠨ ᠢ ᠪᠢᠴᠢᠵᠦ ᠣᠷᠣᠭᠤᠯᠤᠭᠰᠠᠨ ᠤ ᠳᠠᠷᠠᠭ᠎ᠠ᠂ ᠬᠤᠲᠠ᠂ ᠲᠣᠭᠤᠷᠢᠭ᠂ ᠵᠡᠭᠡᠯᠢ ᠭᠤᠳᠤᠮᠵᠢ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠰᠢᠰᠲ᠋ᠧᠮᠵᠢ ᠶᠢᠨ ᠨᠢᠭᠡᠳᠦᠯᠲᠡᠶ ᠪᠠᠶᠢᠬᠤ ᠶᠢ ᠪᠡᠶᠡᠯᠡᠭᠦᠯᠪᠡ᠃      ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠴᠢᠩ ᠶᠤᠸᠠᠨ ᠴᠢᠬᠤᠯᠠᠴᠢᠯᠠᠭᠰᠠᠨ ᠨᠢ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠨᠢᠭᠡᠴᠡ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠯᠤᠰ ᠲᠥᠷᠦ ᠶᠢᠨ ᠬᠠᠷᠢᠭᠤᠴᠠᠯᠭ᠎ᠠ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠠᠤᠡ ᠲᠠᠨᠢᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠶᠢ ᠲᠦᠷᠭᠡᠳᠬᠡᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ ᠤᠶᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠬᠠᠶᠢᠷᠤᠪ ᠤᠨ ᠲᠣᠬᠤᠢ ᠲᠣᠭᠤᠷᠢᠭ ᠤᠨ ︽ᠲᠠᠯᠪᠢᠬᠤ ᠬᠠᠮᠢᠶᠠᠷᠬᠤ ᠤᠶᠢᠯᠡᠴᠢᠯᠡᠬᠦ︾᠎ ᠤᠨ ᠥᠭᠡᠷᠡᠴᠢᠯᠡᠯᠲᠡ ᠶᠢᠨ ᠠᠵᠢᠯ ᠢ ᠴᠢᠨᠠᠭᠰᠢᠳᠠ ᠭᠦᠨᠵᠡᠭᠡᠶᠢᠷᠡᠭᠦᠯᠬᠦ ᠬᠡᠷᠡᠭᠲᠡᠶ︔ ᠡᠯ᠎ᠡ ᠨᠢᠭᠡᠴᠡ ᠶᠢᠨ ᠬᠢᠨ ᠵᠠᠰᠠᠭ ᠤᠨ ᠶᠠᠪᠤᠳᠠᠯ ᠢ ᠢᠯᠠ ᠪᠣᠯᠭᠠᠬᠤ ᠠᠵᠢᠯ ᠢ ᠴᠢᠩᠭᠠᠳᠬᠠᠵᠤ᠂ ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢ ᠢᠳᠡᠪᠬᠢᠲᠡᠢ ᠠᠬᠢᠭᠤᠯᠵᠤ᠂ ᠰᠦᠯᠵᠢᠶᠡᠨ ᠳᠡᠭᠡᠷ᠎ᠡ ᠡᠷᠬᠢᠯᠡᠬᠦ ᠨᠣᠷᠮ᠎ᠠ ᠶᠢᠨ ᠦᠨᠡᠨᠬᠦ ᠳᠡᠭᠡᠭᠰᠢᠯᠡᠭᠦᠯᠵᠦ᠂ ᠰᠦᠯᠵᠢᠶᠡᠨ ᠳᠡᠭᠡᠷ᠎ᠡ ᠭᠦᠢᠴᠠᠤᠡᠭᠡᠬᠦ ᠶᠢ ᠲᠦᠷᠭᠡᠳᠬᠡᠵᠦ᠂ ᠳᠥᠷᠪᠡᠨ ᠱᠠᠲᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠤᠨ ᠠᠬᠢᠴᠠ ᠶᠢ ᠲᠦᠷᠭᠡᠳᠬᠡᠨ ᠡᠮᠬᠢᠯᠡᠵᠦ᠂ ᠣᠯᠠᠨ ᠲᠦᠮᠡᠨ ᠳᠤ ᠤᠶᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠢᠳᠡᠪᠬᠢᠲᠡᠢ ᠰᠠᠶᠢᠲᠤᠷ ᠬᠢᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号