ᠬᠠᠶᠢᠷᠤᠪ ᠤᠨ ᠲᠣᠬᠤᠢ ᠲᠣᠭᠤᠷᠢᠭ ᠳᠥᠭᠦᠮ ᠪᠦᠲᠤᠴᠠᠳᠤ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2019-12-20
     ᠬᠠᠶᠢᠷᠤᠪ ᠤᠨ ᠲᠣᠬᠤᠢ ᠲᠣᠭᠤᠷᠢᠭ ᠤᠨ ᠲᠦᠷᠪᠡᠳᠦᠭᠡᠷ ᠪᠠᠭ᠎ᠠ ᠰᠤᠷᠭᠠᠭᠤᠯᠢ ᠤᠨ ᠳᠥᠭᠦᠮ ᠪᠦᠲᠦᠴᠡᠲᠦ ᠡᠷᠦᠬᠡ ᠶᠢᠨ ᠬᠡᠰᠡᠭ ᠲᠣᠭᠤᠷᠢᠭ ᠤᠨ ᠰᠠᠭᠤᠷᠢ ᠲᠥᠬᠦᠭᠡᠷᠦᠮᠵᠢ᠂ ᠣᠷᠣᠨ ᠰᠠᠭᠤᠴᠠ ᠶᠢᠨ ᠣᠷᠴᠢᠨ ᠲᠣᠭᠤᠷᠢᠨ ᠠᠨᠠᠶ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠨᠠᠩ ᠰᠠᠶᠢᠨ ᠰᠠᠶᠢᠵᠢᠷᠠᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ 2019 ᠤᠨ ᠤ 8 ᠰᠠᠷ᠎ᠠ ᠠᠴᠠ ᠡᠬᠢᠯᠡᠨ ᠡᠮᠦᠨᠡᠬᠢ ᠬᠤᠭᠤᠴᠠᠭᠠᠨ ᠤ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ 12 ᠰᠠᠷ᠎ᠠ ᠶᠢᠨ 5᠎ ᠤ ᠡᠳᠦᠷ ᠨᠤᠷᠠᠭᠠᠵᠤ ᠨᠡᠭᠦᠯᠭᠡᠬᠦ ᠨᠥᠬᠦᠪᠥᠷᠢ ᠶᠢᠨ ᠠᠯᠪᠠᠨ ᠵᠠᠷ ᠨᠡᠶᠢᠲᠡᠯᠡᠭᠰᠡᠨ ᠪᠥᠭᠡᠳ ᠡᠬᠢᠯᠡᠨ ᠨᠠᠷᠢᠨ ᠪᠣᠳᠣᠵᠤ᠂ 12 ᠰᠠᠷ᠎ᠠ ᠶᠢᠨ 8᠎ ᠤ ᠡᠳᠦᠷ ᠵᠢᠩᠬᠢᠨᠢ ᠪᠠᠷ ᠨᠣᠮᠧᠷ ᠡᠷᠭᠢᠭᠦᠯᠦᠨ ᠭᠡᠷ᠎ᠡ ᠲᠣᠭᠲᠠᠵᠤ᠂ ᠲᠣᠰ ᠬᠡᠰᠡᠭ ᠲᠣᠭᠤᠷᠢᠭ ᠨᠢ ᠨᠡᠶᠢᠲᠡ 214 ᠨᠤᠷᠠᠭᠠᠨ ᠨᠡᠭᠦᠯᠭᠡᠬᠦ ᠡᠷᠦᠬᠡ ᠶᠢᠨ ᠲᠤᠭ᠎ᠠ ᠲᠠᠢ ᠬᠤᠯᠪᠣᠭᠳᠠᠵᠤ᠂ ᠣᠳᠣ ᠪᠣᠯᠲᠠᠯ᠎ᠠ ᠨᠢᠭᠡᠨᠲᠡ 100 ᠡᠷᠦᠬᠡ ᠭᠡᠷ᠎ᠡ ᠲᠣᠭᠲᠠᠪᠠ᠃      2019 ᠣᠨ ᠳᠤ᠂ ᠦᠬᠠᠶ ᠬᠤᠲᠠ ᠶᠢᠨ ᠭᠡᠷ ᠪᠠᠶᠢᠰᠢᠩ ᠲᠠᠲᠠᠪᠤᠷᠢᠯᠠᠬᠤ ᠲᠣᠪᠴᠢᠶ᠎ᠠ ᠶᠢᠨ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠭᠤᠤᠯ ᠴᠣᠭᠴᠠ ᠵᠢᠨ‌‍ᠰᠢᠨ᠎ᠡ ᠶᠢ ᠡᠭᠦᠳᠴᠦ᠂ ᠪᠠᠯᠭᠠᠰᠤ᠂ ᠵᠡᠭᠡᠯᠢ ᠭᠤᠳᠤᠮᠵᠢ ᠪᠠ ᠲᠠᠲᠠᠪᠤᠷᠢᠯᠠᠬᠤ ᠲᠣᠪᠴᠢᠶ᠎ᠠ ᠶᠢᠨ ᠬᠠᠮᠲᠤ ᠪᠠᠷ ᠲᠦᠷᠦᠭᠦᠯᠡᠨ ᠬᠢᠬᠦ ᠠᠵᠢᠯ ᠶᠢᠨ ᠵᠠᠭᠪᠤᠷ‌ᠢ ᠪᠦᠬᠦ ᠲᠠᠯ᠎ᠠ ᠪᠠᠷ ᠠᠬᠢᠭᠤᠯᠬᠤ ᠶᠢᠨ ᠬᠠᠮᠲᠤ ᠨᠠᠮ ᠤᠨ ᠤᠳᠤᠷᠢᠳᠬᠤ ᠲᠤᠭᠤᠶᠢᠯᠠᠩ ᠤᠨ ᠬᠤᠯᠪᠣᠭᠠᠯᠠᠨ ᠬᠥᠳᠡᠯᠦᠯᠴᠡᠬᠦ ᠤᠶᠢᠯᠡᠳᠤᠯ ᠢ ᠪᠠᠳᠠᠷᠠᠭᠤᠯᠵᠤ᠂ ᠣᠯᠠᠨ ᠲᠠᠯ᠎ᠠ ᠶᠢᠨ ᠨᠡᠶᠢᠯᠡᠯ ᠬᠦᠴᠦᠨ ᠤ ᠰᠢᠰᠲ᠋ᠧᠮ ᠢ ᠪᠠᠶᠢᠭᠤᠯᠪᠠ᠃ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠠᠵᠢᠯ ᠤᠨ ᠳᠤᠮᠳᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ᠂ ᠵᠠᠬᠢᠳᠠᠯ ᠰᠤᠷᠪᠤᠯᠵᠢᠯᠠᠯ᠂ ᠤᠯᠤᠰ ᠤᠨ ᠭᠠᠵᠠᠷ ᠰᠢᠷᠣᠶ ᠡᠬᠢ ᠪᠠᠶᠠᠯᠢᠭ᠂ ᠲᠥᠯᠥᠪᠵᠢᠭᠦᠯᠪᠡ ᠵᠡᠷᠭᠡ ᠣᠯᠠᠨ ᠨᠢᠭᠡᠴᠡ ᠪᠣᠯᠤᠨ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠯᠤᠭ᠎ᠠ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠠᠷᠢᠯᠴᠠᠨ ᠬᠠᠮᠵᠢᠯᠴᠠᠨ᠂ ︽ᠣᠯᠠᠨ ᠰᠠᠯᠠᠭ᠎ᠠ ᠮᠥᠴᠢᠷ ᠨᠢᠭᠡ ᠴᠣᠭᠴᠠᠵᠢᠭᠰᠠᠨ︾ ᠲᠠᠲᠠᠪᠤᠷᠢᠯᠠᠨ ᠵᠠᠳᠠᠯᠵᠤ ᠬᠠᠮᠲᠤᠷᠠᠨ ᠬᠥᠳᠡᠯᠦᠯᠴᠡᠬᠦ ᠰᠢᠰᠲ᠋ᠧᠮᠵᠢ ᠶᠢ ᠪᠦᠷᠢᠯᠳᠦᠭᠦᠯᠬᠦ ᠶᠢᠨ ᠬᠠᠮᠲᠤ ᠢᠳᠡᠪᠬᠢᠲᠡᠢ ᠳᠠᠶᠢᠴᠢᠯᠠᠬᠤ᠂ ᠲᠥᠷᠥ ᠶᠢᠨ ᠪᠣᠳᠣᠯᠭ᠎ᠠ ᠲᠣᠭᠲᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠠᠵᠢᠯ ᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠶ᠃      ᠬᠠᠶᠢᠷᠤᠪ ᠤᠨ ᠲᠣᠬᠤᠢ ᠲᠣᠭᠤᠷᠢᠭ 2019 ᠣᠨ ᠳᠤ 1300 ᠢᠵᠢ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠲᠠᠲᠠᠪᠤᠷᠢᠯᠠᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠣᠭᠤᠷᠢᠭ ᠠᠵᠢᠯ ᠲᠥᠷᠥᠯ ᠤᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠪᠠ᠃ ᠲᠥᠪᠬᠢᠨᠡᠭᠦᠯᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠠᠰᠠᠭᠤᠳᠠᠯ ᠲᠠᠢ ᠠᠰᠠᠷ ᠲᠤ ᠴᠢᠭᠯᠡᠭᠦᠯᠦᠨ᠂ ᠨᠢᠭᠡ ᠠᠰᠠᠷ ᠲᠤ ᠨᠢᠭᠡ ᠠᠷᠭ᠎ᠠ ᠪᠣᠳᠣᠯᠭ᠎ᠠ ᠠᠪᠴᠤ᠂ ᠣᠯᠠᠨ‌ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠠᠷᠭ᠎ᠠ ᠮᠠᠶ᠋ᠢᠭ ᠢᠶᠠᠷ ᠨᠠᠷᠢᠨ ᠨᠢᠭᠲᠠ ᠪᠠᠶᠢᠴᠠᠭᠠᠨ ᠣᠶᠢᠯᠠᠭᠠᠵᠤ᠂ ᠠᠵᠢᠯ ᠢᠶᠠᠨ ᠰᠡᠷᠭᠦᠭᠡᠬᠦ ᠲᠥᠷᠥᠯ ᠵᠤᠶᠢᠯ ᠢ ᠰᠢᠮᠳᠠᠭᠤᠯᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠤᠨ ᠬᠠᠤᠯᠢ ᠪᠠᠷᠢᠬᠤ ᠭᠤᠶᠤᠴᠢᠯᠠᠯ ᠭᠠᠷᠭᠠᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠤᠡᠪᠤᠷᠢᠯᠡᠨ᠎ᠡ︔ ᠨᠡᠶᠢᠳᠡᠮ ᠪᠠᠶᠢᠴᠠᠭᠠᠬᠤ ᠪᠠ ᠠᠮᠤᠷ ᠲᠦᠪᠰᠢᠨ ᠪᠤᠰᠤ ᠳᠠᠯᠳᠠ ᠭᠡᠮ ᠢ ᠴᠡᠭᠴᠡᠯᠡᠨ ᠵᠠᠰᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠨᠠᠷᠢᠨ ᠳᠠᠩᠰᠠ ᠪᠠᠶᠢᠭᠤᠯᠤᠨ᠂ ᠡᠯ᠎ᠡ‌ᠵᠤᠶᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠬᠡᠷᠡᠭᠲᠡᠶ︔ ᠠᠵᠢᠯ ᠤᠨ ᠳᠦᠷᠢᠮ ᠢ ᠤᠯᠠᠮ ᠨᠢᠭᠡ ᠠᠯᠬᠤᠮ ᠪᠦᠷᠢᠨ ᠪᠣᠯᠭᠠᠨ ᠲᠡᠭᠦᠯᠳᠡᠷᠵᠢᠭᠦᠯᠵᠦ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠂ᠴᠠᠭ ᠲᠤᠬᠠᠢ ᠳᠤᠨᠢ ᠬᠠᠷᠢᠭᠤᠯᠲᠠ ᠥᠭᠴᠦ᠂ ᠬᠡᠷᠡᠭ ᠪᠣᠯᠭᠠᠨ ᠨᠠᠶᠢᠳᠠᠪᠤᠷᠢᠵᠢᠭᠤᠯᠤᠯᠲᠠ ᠲᠠᠢ᠂ ᠬᠡᠷᠡᠭ ᠪᠣᠯᠭᠠᠨ ᠦᠷ᠎ᠡ ᠳ᠋ᠦᠩ ᠲᠠᠢ ᠪᠣᠯᠭᠠᠨ᠎ᠠ︔ ᠬᠠᠤᠯᠢ ᠶᠣᠰᠣᠭᠠᠷ ᠲᠠᠲᠠᠪᠤᠷᠢᠯᠠᠬᠤ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠤᠨ ᠤᠷᠤᠭᠰᠢᠲᠠᠶ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠪᠠᠰᠠ ᠪᠤᠣ ᠶᠢᠨ ᠤ ᠲᠡᠮᠦᠷ ᠵᠠᠮ ᠵᠡᠷᠭᠡ ᠭᠤᠤᠯᠳᠠᠯᠭ᠎ᠠ ᠲᠠᠢ ᠲᠥᠷᠥᠯ  ᠵᠤᠶᠢᠯ ᠤᠨ ᠲᠠᠲᠠᠪᠤᠷᠢᠯᠠᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠦᠷᠭᠦᠯᠵᠢᠯᠡᠨ ᠳᠥᠭᠦᠮ ᠪᠦᠲᠦᠴᠡᠲᠦ ᠣᠷᠣᠨ ᠰᠠᠭᠤᠴᠠ ᠶᠢ ᠦᠭᠡᠷᠡᠴᠢᠯᠡᠬᠦ  ᠪᠠᠷ ᠠᠵᠠ ᠲᠣᠬᠢᠶᠠᠯ ᠪᠣᠯᠭᠠᠨ᠂ ᠠᠵᠢᠯ ᠶᠢᠨ ᠡᠷᠴᠢᠮ ᠢᠶᠠᠨ ᠴᠢᠩᠭᠠᠷᠠᠭᠤᠯᠤᠨ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ 2020 ᠤᠨ ᠲᠤ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠲᠠᠲᠠᠪᠤᠷᠢᠯᠠᠬᠤ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号