ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠰᠢᠨ᠎ᠡ ᠠᠷᠭ᠎ᠠ ᠬᠡᠮᠵᠢᠶ᠎ᠡ ᠠᠪᠴᠤ ᠬᠠᠪᠰᠤᠷᠤᠨ ᠲᠡᠳᠬᠦᠵᠦ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2019-12-20
     ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠵᠦᠩ ᠾᠧ ᠶᠤᠸᠠᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠶᠠᠳᠠᠭᠤ ᠬᠦᠴᠢᠷᠳᠡᠯᠲᠡᠶ ᠡᠷᠦᠬᠡ ᠶᠢᠨ ᠪᠣᠳᠠᠲᠠᠶ ᠬᠡᠷᠡᠭᠴᠡᠭᠡ ᠲᠠᠢ ᠤᠶᠠᠯᠳᠤᠭᠤᠯᠵᠤ᠂ ᠡᠷᠦᠬᠡ ᠡᠷᠦᠬᠡ ᠶᠢᠨ ᠪᠠᠶᠢᠳᠠᠯ ᠳᠤ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠤᠶᠢᠯᠡᠰ᠂ ᠠᠵᠢᠯ ᠣᠯᠭᠤᠯᠲᠠ ᠵᠡᠷᠭᠡ ᠣᠯᠠᠨ ᠠᠷᠭ᠎ᠠ ᠵᠠᠮ ᠳᠡᠭᠡᠷ᠎ᠡ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ︽ᠥᠪᠡᠷ ᠤᠨ ᠬᠡᠮᠵᠢᠶ᠎ᠡ ᠪᠠᠷ ᠢᠶᠠᠨ ᠵᠠᠬᠢᠶᠠᠯᠠᠵᠤ︾ ᠶᠠᠳᠠᠭᠤ ᠶᠢ ᠲᠡᠳᠬᠦᠬᠦ ᠲᠥᠷᠥᠯ ᠵᠤᠶᠢᠯ ᠬᠠᠩᠭᠠᠵᠤ᠂ ᠬᠡᠳᠦᠨ ᠵᠢᠯ ᠤᠨ ᠬᠤᠭᠤᠴᠠᠭᠠᠨ ᠳᠤ᠂ ᠨᠡᠶᠢᠭᠡᠮ ᠲᠣᠭᠤᠷᠢᠭ ᠨᠢᠭᠡᠨᠲᠡ ᠪᠦᠬᠦᠯᠢ ᠴᠣᠭᠴᠠ ᠪᠠᠷ ᠶᠠᠳᠠᠭᠤ ᠠᠴᠠ ᠠᠩᠭᠢᠵᠢᠷᠠᠪᠠ᠃      ᠵᠥᠩ ᠾᠧ ᠶᠤᠸᠠᠨ ᠨᠡᠶᠢᠭᠡᠮ ᠲᠣᠭᠤᠷᠢᠭ ᠪᠣᠯ ᠲᠠᠷᠢᠶᠠᠯᠠᠩ ᠳᠤ ᠬᠤᠯᠪᠣᠭᠳᠠᠭᠰᠠᠨ ᠨᠡᠶᠢᠲᠡᠯᠢᠭ ᠨᠡᠶᠢᠭᠡᠮ ᠲᠣᠭᠤᠷᠢᠭ ᠮᠥᠨ᠂ ᠰᠠᠭᠤᠭᠠᠯᠢ ᠠᠷᠠᠳ ᠲᠠᠢ 1150 ᠡᠷᠦᠬᠡ ᠪᠠᠶᠢᠵᠤ᠂ 2018 ᠤᠨ ᠪᠣᠯᠲᠠᠯ᠎ᠠ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ 71 ᠡᠷᠦᠬᠡ ᠪᠠᠶᠢᠨ᠎ᠠ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠨᠡᠶᠢᠭᠡᠮ ᠲᠣᠭᠤᠷᠢᠭ ᠨᠢ ᠶᠠᠳᠠᠭᠤ ᠬᠦᠴᠢᠷᠳᠡᠯᠲᠡᠶ ᠡᠷᠦᠬᠡ ᠨᠢᠭᠡᠪᠦᠷᠢ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠡᠮᠴᠢᠯᠡᠭᠡ ᠪᠠᠷ ᠠᠪᠤᠷᠠᠨ ᠲᠤᠰᠠᠯᠠᠬᠤ ᠵᠡᠷᠭᠡ‌ᠠᠵᠢᠯ ᠢ ᠢᠳᠡᠪᠬᠢᠲᠡᠢ ᠥᠷᠨᠢᠭᠦᠯᠦᠭᠰᠡᠨ ᠤᠷᠢᠲᠠᠯ ᠳᠣᠤᠷ᠎ᠠ᠂ ᠬᠥᠳᠡᠯᠮᠦᠷᠢᠯᠡᠬᠦ ᠴᠢᠳᠠᠪᠤᠷᠢ ᠲᠠᠢ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠠᠳᠠᠯ ᠠᠬᠤᠶ᠂ ᠠᠷᠢᠭᠤᠨ ᠴᠡᠪᠡᠷ ᠵᠡᠷᠭᠡ ᠠᠵᠢᠯ ᠣᠯᠭᠤᠯᠲᠠ ᠶᠢᠨ ᠠᠵᠢᠯ ᠶᠢᠨ ᠪᠠᠶᠢᠷᠢ ᠲᠠᠢ ᠨᠢ ᠬᠠᠷᠢᠯᠴᠠᠬᠤ ᠬᠡᠷᠡᠭᠲᠡᠶ︔ ᠲᠠᠷᠢᠶᠠᠯᠠᠩ ᠤᠨ ᠤᠶᠢᠯᠡᠤᠡᠪᠤᠷᠢᠯᠡᠯ  ᠪᠦᠬᠦᠢ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠯᠭ᠎ᠠ ᠪᠠ ᠪᠠᠯᠠ ᠮᠥᠩᠭᠦ ᠶᠢᠨ ᠬᠠᠪᠰᠤᠷᠤᠯᠭ᠎ᠠ ᠬᠠᠩᠭᠠᠨ᠎ᠠ︔ ᠲᠣᠰ ᠪᠡᠶ᠎ᠡ ᠶᠢᠨ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠳᠠᠪᠠᠭᠤᠯᠢᠭ ᠲᠠᠢ ᠤᠶᠠᠯᠳᠤᠭᠤᠯᠤᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠴᠤᠭᠯᠠᠭᠠᠨ ᠢ ᠡᠷᠬᠢᠯᠡᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠨᠡᠭᠡᠭᠡᠨ ᠪᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠥᠷᠭᠡᠳᠬᠡᠨ᠂ ᠠᠵᠢᠯ ᠣᠯᠭᠤᠯᠲᠠ᠂ ᠠᠵᠤ ᠦᠢᠯᠡᠰ ᠤᠨ ᠲᠠᠯ᠎ᠠ ᠪᠠᠷ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ‌‍ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠵᠦ ᠣᠷᠣᠯᠭ᠎ᠠ ᠶᠢ ᠨᠢ ᠨᠡᠮᠡᠭᠳᠡᠭᠦᠯᠦᠨ᠂ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠦᠨᠡᠨ ᠬᠦ ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ ᠣᠳᠣᠬᠠᠨ ᠳᠤ ᠵᠦᠩ‌ᠾᠧ ᠶᠤᠸᠠᠨ ᠨᠡᠶᠢᠭᠡᠮ ᠲᠣᠭᠤᠷᠢᠭ ᠨᠢᠭᠡᠨᠲᠡ ᠪᠦᠬᠦᠯᠢ ᠴᠣᠭᠴᠠ ᠪᠠᠷ ᠶᠠᠳᠠᠭᠤ ᠠᠴᠠ ᠠᠩᠭᠢᠵᠢᠷᠠᠪᠠ᠃      ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠵᠦᠩ ᠾᠧ ᠶᠤᠸᠠᠨ ᠨᠡᠶᠢᠭᠡᠮ ᠲᠣᠭᠤᠷᠢᠭ ᠤᠨ ᠨᠢᠭᠡᠳᠦᠭᠡᠷ ᠱᠦᠵᠢ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠤᠭᠰᠠᠨ ︵ᠲᠥᠷᠦ ᠶᠢᠨ ᠪᠣᠳᠣᠯᠭ᠎ᠠ ᠶᠢ ᠡᠳ᠋ᠯᠡᠭᠰᠡᠨ︶ 6 ᠡᠷᠦᠬᠡ 13 ᠬᠥᠮᠦᠨ ᠦᠯᠡᠳᠡᠪᠡ᠂ ᠪᠢᠳᠡ ᠬᠠᠪᠰᠤᠷᠤᠨ ᠲᠡᠳᠬᠦᠬᠦ ᠨᠢᠭᠡᠴᠡ ᠪᠠᠷ ᠳᠠᠮᠵᠢᠨ᠂ ᠠᠦ᠋ᠲ᠋ᠣ᠋ ᠪᠠᠷᠠᠭ᠎ᠠ ᠬᠤᠳᠠᠯᠳᠤᠬᠤ ᠮᠠᠰᠢᠨ ᠲᠣᠬᠢᠷᠠᠭᠤᠯᠵᠤ᠂ ᠲᠡᠳᠡᠨ ᠳᠤ ᠪᠣᠯᠪᠠᠰᠤᠷᠠᠯ ᠬᠦᠷᠲᠡᠭᠡᠵᠦ᠂ ᠲᠡᠳᠡᠨ ᠢ ᠪᠡᠶ᠎ᠡ ᠪᠠᠨ ᠳᠠᠭᠠᠭᠠᠵᠤ ᠤᠶᠢᠯᠡᠰ ᠪᠣᠰᠬᠠᠵᠤ᠂ ᠲᠡᠳᠡᠨ ᠤ ᠣᠷᠣᠯᠭ᠎ᠠ ᠶᠢ ᠨᠡᠮᠡᠭᠳᠡᠭᠦᠯᠬᠦ ᠪᠠᠷ ᠪᠡᠯᠡᠳᠬᠡᠵᠦ ᠪᠠᠶᠢᠨ᠎ᠠ ᠭᠡᠵᠦ ᠬᠡᠯᠡᠪᠡ᠃ ᠡᠭᠦᠨ ᠠᠴᠠ ᠭᠠᠳᠠᠨ᠎ᠠ ᠵᠦᠩ ᠾᠧ ᠶᠤᠸᠠᠨ ᠨᠡᠶᠢᠭᠡᠮ ᠲᠣᠭᠤᠷᠢᠭ ᠲᠤ ᠪᠠᠰᠠ ︽ᠢᠨᠲ᠋ᠧᠷ ᠰᠦᠯᠵᠢᠶ᠎ᠡ+︾ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠣᠷᠣᠯᠠᠭᠤᠯᠬᠤ ᠲᠠᠪᠴᠠᠩ ᠪᠠᠶᠢᠨ᠎ᠠ᠂ ᠡᠨᠡ ᠬᠦ ᠲᠠᠪᠴᠠᠩ ᠢᠶᠠᠷ ᠳᠠᠮᠵᠢᠭᠤᠯᠤᠨ᠂ ᠲᠡᠳᠡᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠳᠠᠮᠵᠢᠭᠤᠯᠤᠨ ᠳᠡᠯᠭᠡᠷᠡᠭᠦᠯᠵᠦ᠂ ᠲᠡᠳᠡᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ  ᠢ ᠥᠷᠭᠡᠳᠬᠡᠵᠦ ᠪᠠᠶᠢᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号