ᠬᠠᠶᠢᠷᠤᠪ ᠤᠨ ᠲᠣᠬᠤᠢ ᠲᠣᠭᠤᠷᠢᠭ ᠤᠨ ᠬᠢᠨ ᠮᠠᠰᠢᠨᠲᠤ ᠲᠡᠷᠭᠡ ᠶᠢᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2019-12-20
     ᠬᠤᠲᠠ ᠶᠢᠨ ᠵᠠᠮ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ᠂ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠢᠭᠡᠳ ᠬᠠᠶᠢᠷᠤᠪ ᠤᠨ ᠲᠤᠬᠤᠢ ᠲᠤᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠥᠷᠨᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠮᠲᠤᠷᠠᠨ ᠬᠠᠤᠯᠢ ᠬᠡᠷᠡᠭᠵᠢᠭᠦᠯᠬᠦ ᠳᠤᠮᠳᠠ ᠠᠩᠭᠢ ᠶᠢ ᠵᠣᠬᠢᠶᠠᠨ ᠪᠠᠶᠢᠭᠤᠯᠵᠤ᠂ ᠭᠤᠤᠯᠳᠠᠭᠤ ᠵᠡᠭᠡᠯᠢ ᠭᠤᠳᠤᠮᠵᠢ ᠶᠢᠨ ᠵᠠᠮ ᠤᠨ ᠰᠢᠳᠦ ᠠᠴᠠ ᠳᠡᠭᠡᠭᠰᠢᠬᠢ ᠮᠠᠰᠢᠨᠲᠤ ᠲᠡᠷᠭᠡ ᠶᠢ ᠵᠣᠭᠰᠣᠭᠠᠵᠤ ᠣᠷᠣᠨ ᠪᠠᠶᠢᠷᠢ ᠳᠤᠨᠢ ᠣᠷᠣᠭᠤᠯᠬᠤ ᠦᠭᠡᠢ᠂ ᠴᠢᠭᠯᠡᠯ ᠨᠢ ᠨᠢᠭᠡᠳᠦᠯ ᠦᠭᠡᠢ᠂ ᠰᠣᠬᠤᠷ ᠬᠥᠮᠦᠨ ᠤ ᠵᠠᠮ ᠢ ᠡᠵᠡᠯᠡᠬᠦ  ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠭᠤᠳᠠᠰᠤ ᠨᠠᠭᠠᠬᠤ᠂ ᠴᠢᠷᠴᠦ ᠰᠢᠯᠵᠢᠭᠦᠯᠬᠦ ᠠᠷᠭ᠎ᠠ ᠮᠠᠶ᠋ᠢᠭ ᠢᠶᠠᠷ ᠴᠢᠩᠭ᠎ᠠ ᠬᠠᠮᠢᠶᠠᠷᠤᠨ ᠬᠦᠨᠳᠦ ᠪᠠᠷ ᠰᠢᠢᠤᠡᠭᠡᠨ ᠲᠣᠷᠭᠠᠬᠤ ᠬᠡᠷᠡᠭᠲᠡᠶ᠃       ᠡᠨᠡ ᠵᠢᠯ ᠠᠴᠠ ᠨᠠᠰᠢ᠂ ᠬᠤᠲᠠ ᠶᠢᠨ ᠬᠠᠮᠢᠶᠠᠷᠤᠯᠲᠠ ᠪᠠ ᠵᠠᠮ ᠬᠠᠷᠢᠯᠴᠠᠭᠠᠨ ᠤ ᠴᠠᠭᠳᠠᠭ᠎ᠠ ᠬᠠᠮᠲᠤᠷᠠᠨ ᠬᠠᠤᠯᠢ ᠬᠡᠷᠡᠭᠵᠢᠭᠦᠯᠬᠦ ᠳᠤᠮᠳᠠ ᠠᠩᠭᠢ ᠶᠢᠨ ᠬᠢᠨ 871 ᠵᠦᠶ ᠵᠣᠬᠢᠰ ᠥᠬᠡᠶ ᠲᠡᠷᠭᠡᠨ ᠵᠣᠭᠰᠣᠭᠠᠯ ᠢ ᠴᠡᠭᠴᠡᠯᠡᠨ ᠰᠠᠶᠢᠵᠢᠷᠠᠭᠤᠯᠵᠤ᠂ ᠲᠣᠭᠲᠠᠭᠠᠯ ᠠᠴᠠ ᠵᠥᠷᠢᠴᠡᠨ ᠵᠣᠭᠰᠣᠭᠠᠭᠰᠠᠨ ᠮᠠᠰᠢᠨ ᠲᠡᠷᠭᠡᠨ ᠳᠤ 62385 ᠬᠠᠭᠤᠳᠠᠰᠤ ᠨᠠᠭᠠᠵᠤ᠂ 102 ︽ᠦᠬᠦᠰᠢᠷᠡᠮᠡᠯ ᠲᠡᠷᠭᠡ︾᠎ ᠶᠢ ᠴᠡᠪᠡᠷᠯᠡᠨ ᠰᠢᠯᠵᠢᠭᠦᠯᠪᠡ᠃︽ᠤᠬᠠᠭᠤᠯᠬᠤ+ᠲᠣᠷᠭᠠᠬᠤ︾ ᠴᠡᠭᠴᠡᠯᠡᠨ ᠵᠠᠰᠠᠬᠤ ᠵᠠᠭᠪᠤᠷ ᠢᠶᠠᠷ ᠳᠠᠮᠵᠢᠨ᠂ ᠬᠠᠶᠢᠷᠤᠪ ᠤᠨ ᠲᠣᠬᠤᠢ ᠲᠣᠭᠤᠷᠢᠭ ᠤᠨ ᠮᠠᠰᠢᠨ ᠲᠡᠷᠭᠡ ᠶᠢ ᠳᠤᠷ᠎ᠠ ᠪᠠᠷ ᠵᠣᠭᠰᠣᠭᠠᠵᠤ ᠳᠤᠷ᠎ᠠ ᠪᠠᠷ ᠲᠠᠯᠪᠢᠬᠤ ᠦᠵᠡᠭᠳᠡᠯ ᠢᠯᠡᠳᠲᠡ ᠬᠤᠷᠢᠭᠯᠠᠭᠳᠠᠵᠤ᠂ ︽ᠪᠣᠯᠪᠠᠰᠤᠨ ᠢᠶᠠᠷ ᠲᠡᠷᠭᠡ ᠵᠢᠯᠣᠭᠤᠳᠴᠤ᠂ ᠲᠡᠷᠭᠡ ᠵᠣᠭᠰᠣᠭᠠᠬᠤ ᠶᠢ ᠵᠢᠷᠤᠮᠵᠢᠭᠤᠯᠬᠤ︾ ᠰᠠᠶᠢᠨ ᠰᠠᠶᠢᠬᠠᠨ‌ᠨᠡᠶᠢᠭᠡᠮ ᠤᠨ ᠠᠭᠤᠷ ᠠᠮᠢᠰᠬᠤᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠮᠠᠰᠢᠨ ᠲᠡᠷᠭᠡ ᠶᠢ ᠵᠣᠭᠰᠣᠭᠠᠬᠤ ᠨᠢ ᠡᠮᠬᠢ ᠳᠢᠭᠯᠢᠮ ᠲᠠᠢ ᠪᠠᠶᠢᠬᠤ ᠨᠢ ᠨᠢᠭᠡᠨᠲᠡ ᠬᠠᠶᠢᠷᠤᠪ ᠤᠨ ᠲᠤᠭᠤᠷᠢᠭ ᠤᠨ ᠵᠡᠭᠡᠯᠢ ᠳᠡᠭᠡᠷᠡᠬᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号