ᠲᠠᠪᠤᠳᠤᠭᠠᠷ ᠬᠤᠭᠤᠴᠠᠭᠠᠨ ᠤ ᠪᠦᠬᠦ ᠠᠷᠠᠳ ᠤᠨ ᠪᠢᠴᠢᠭᠡᠰᠦ ᠶᠢᠨ ᠤᠷᠤᠯᠳᠤᠭᠠᠨ ᠤ ᠪᠦᠲᠦᠭᠡᠯ ᠤᠨ ᠦᠵᠡᠭᠦᠯᠦᠯᠭᠡ ᠡᠬᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2019-12-23
     ᠬᠠᠶᠢᠷᠤᠪ ᠤᠨ ᠲᠣᠬᠤᠢ ᠲᠣᠭᠤᠷᠢᠭ ᠤᠨ ᠤᠷᠠᠨ ᠪᠢᠴᠢᠯᠭᠡ ᠶᠢᠨ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ ︽ᠾᠧᠩ ᠪᠦᠦ ᠪᠦᠯᠦᠭᠯᠡᠯ ᠬᠤᠨᠳᠠᠭᠠᠲᠤ︾ ᠪᠦᠬᠦ ᠬᠤᠲᠠ ᠶᠢᠨ ᠲᠠᠪᠤᠳᠤᠭᠠᠷ ᠬᠤᠭᠤᠴᠠᠭᠠᠨ ᠤ ᠪᠦᠬᠦ ᠠᠷᠠᠳ ᠤᠨ ᠤᠷᠠᠨ ᠪᠢᠴᠢᠭᠡᠰᠦ ᠶᠢᠨ ᠤᠷᠤᠯᠳᠤᠭᠠᠨ ᠤ ᠪᠦᠲᠦᠭᠡᠯ ᠤᠨ ᠦᠵᠡᠭᠦᠯᠦᠯᠭᠡ 12 ᠰᠠᠷ᠎ᠠ ᠶᠢᠨ 20 ᠤ ᠡᠳᠦᠷ ᠣᠳᠣ ᠦᠶ᠎ᠡ ᠶᠢᠨ ᠳᠤᠮᠳᠠᠳᠤ ᠤᠯᠤᠰ  ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠶᠠᠪᠤᠭᠳᠠᠬᠤ ᠪᠣᠯᠤᠨ᠎ᠠ᠃      ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠨᠡᠶᠢᠲᠡ 721 ᠤᠷᠠᠨ ᠪᠢᠴᠢᠯᠭᠡ ᠶᠢᠨ ᠪᠦᠲᠦᠭᠡᠯ ᠴᠤᠭᠯᠠᠭᠤᠯᠵᠤ᠂ ᠤᠷᠤᠯᠳᠤᠭᠠᠨ ᠳᠤ ᠣᠷᠣᠯᠴᠠᠭᠰᠠᠳ ᠤᠨ ᠬᠠᠮᠤᠭ ᠤᠨ ᠶᠡᠭᠡ ᠨᠠᠰᠤ ᠨᠢ 86 ᠨᠠᠰᠤ᠂ ᠬᠠᠮᠤᠭ ᠤᠨ ᠪᠠᠭ᠎ᠠ ᠨᠢ 9 ᠨᠠᠰᠤ ᠪᠠᠶᠢᠵᠤ᠂ ᠡᠴᠦᠰ ᠲᠡᠭᠡᠨ ᠨᠠᠰᠤᠨ ᠳᠤ ᠬᠦᠷᠦᠭᠰᠡᠳ ᠤᠨ ᠳᠤᠭᠤᠶᠢᠯᠠᠩ ᠪᠠ ᠪᠠᠭᠠᠴᠤᠳ ᠤᠨ ᠳᠤᠭᠤᠶᠢᠯᠠᠩ ᠤᠨ ᠨᠢᠭᠡᠳᠦᠭᠡᠷ ᠲᠡᠰ ᠤᠨ ᠱᠠᠩᠨᠠᠯ ᠢ ᠲᠣᠰ ᠲᠣᠰ 1 ᠬᠤᠪᠢ᠂ ᠬᠤᠶᠠᠳᠤᠭᠠᠷ ᠲᠡᠰ ᠤᠨ ᠱᠠᠩᠨᠠᠯ ᠢ ᠲᠣᠰ ᠲᠣᠰ 2 ᠬᠤᠪᠢ᠂ ᠭᠤᠷᠪᠠᠳᠤᠭᠠᠷ ᠲᠡᠰ ᠤᠨ ᠱᠠᠩᠨᠠᠯ ᠢ ᠲᠣᠰ ᠲᠣᠰ 3 ᠬᠤᠪᠢ᠂ ᠦᠵᠡᠰᠬᠦᠯᠡᠩ ᠳᠤ ᠣᠷᠣᠭᠤᠯᠤᠭᠰᠠᠨ ᠪᠦᠲᠦᠭᠡᠯ ᠨᠡᠶᠢᠲᠡ 80 ᠬᠤᠪᠢ ᠪᠠᠶᠢᠨ᠎ᠠ᠃ ᠤᠷᠠᠨ ᠪᠦᠲᠦᠭᠡᠯ ᠪᠠ ᠦᠵᠡᠭᠦᠯᠦᠯᠭᠡ ᠳᠤ ᠣᠷᠣᠯᠴᠠᠭᠰᠠᠨ ᠤᠷᠠᠨ ᠪᠦᠲᠦᠭᠡᠯ ᠨᠢ ᠡᠯᠪᠡᠭ ᠪᠠᠶᠠᠯᠢᠭ᠂ ᠠᠭᠤᠯᠭ᠎ᠠ ᠨᠢ ᠡᠷᠬᠢᠮᠰᠦᠭ ᠰᠠᠶᠢᠬᠠᠨ᠂ ᠭᠤᠤᠯ ᠰᠡᠳᠦᠪ ᠲᠠᠢ ᠨᠡᠶᠢᠴᠡᠵᠦ᠂ ᠵᠣᠬᠢᠶᠠᠭᠴᠢ ᠶᠢᠨ ᠭᠦᠨ ᠵᠤᠵᠠᠭᠠᠨ ᠤᠯᠠᠮᠵᠢᠯᠠᠯᠲᠤ ᠰᠠᠭᠤᠷᠢ ᠶᠢ ᠢᠯᠡᠷᠡᠭᠦᠯᠦᠭᠰᠡᠨ ᠮᠥᠷᠲᠡᠭᠡᠨ ᠴᠠᠭ ᠦᠶ᠎ᠡ ᠶᠢᠨ ᠬᠥᠭᠡᠭᠡᠴᠡᠯᠳᠦᠯ ᠢ ᠴᠦ ᠢᠯᠡᠷᠡᠭᠦᠯᠦᠭᠰᠡᠨ ᠶᠤᠮ᠃      ᠪᠦᠬᠦ ᠠᠷᠠᠳ ᠤᠨ ᠳᠤᠷᠠᠰᠬᠠᠯ ᠤᠨ ᠪᠢᠴᠢᠭᠡᠰᠦ ᠶᠢᠨ ᠤᠷᠤᠯᠳᠤᠭᠠᠨ ᠪᠣᠯ ᠮᠠᠨ ᠤ ᠬᠤᠲᠠ ᠶᠢᠨ ᠣᠯᠠᠨ ᠲᠦᠮᠡᠨ ᠤ ᠣᠷᠣᠯᠴᠠᠬᠤ ᠴᠢᠨᠠᠷ ᠢᠶᠠᠷ ᠲᠤᠶᠢᠯ ᠤᠨ ᠥᠨᠳᠥᠷ ᠨᠢᠭᠡ ᠵᠤᠶᠢᠯ ᠤᠨ ᠰᠣᠶᠣᠯ ᠤᠨ ᠨᠠᠷᠠᠲᠤ ᠲᠡᠮᠳᠡᠭ ᠤᠨ ᠠᠵᠢᠯᠯᠠᠭ᠎ᠠ ᠪᠣᠯᠤᠨ᠎ᠠ᠂ ᠬᠡᠳᠦᠨ ᠬᠤᠭᠤᠴᠠᠭᠠᠨ ᠤ ᠤᠷᠤᠯᠳᠤᠭᠠᠨ ᠤ ᠳᠠᠪᠲᠠᠯᠲᠠ ᠪᠠᠷ ᠳᠠᠮᠵᠢᠨ᠂ ᠪᠦᠯᠦᠭ ᠪᠦᠯᠦᠭ ᠰᠢᠨ᠎ᠡ ᠰᠣᠳᠣᠨ ᠬᠥᠮᠦᠰ ᠴᠣᠯᠭᠤᠷᠠᠨ ᠭᠠᠷᠴᠠᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号