ᠬᠠᠶᠢᠷᠤᠪ ᠤᠨ ᠲᠣᠬᠤᠢ ᠲᠣᠭᠤᠷᠢᠭ ᠲᠤ ᠵᠡᠭᠡᠯᠢ ᠳᠠᠭᠠᠤ ᠬᠤᠳᠠᠯᠳᠤᠭᠠᠨ ᠤ ᠳᠡᠯᠭᠡᠭᠦᠷ ᠤᠨ ᠫᠠᠶᠢᠰᠠ ᠢᠯᠡᠷᠬᠡᠢᠯᠡᠯ ᠤᠨ ᠮᠣᠩᠭᠤᠯ ᠬᠢᠲᠠᠳ ᠪᠢᠴᠢᠭ ᠪᠠᠶᠢᠷᠢᠯᠠᠭᠤᠯᠬᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2019-12-24
     ᠤᠶᠢᠷ᠎ᠠ ᠶᠢᠨ ᠡᠳᠦᠷ᠂ ︽ᠦᠬᠠᠶ ᠬᠤᠲᠠ ᠶᠢᠨ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ ᠬᠠᠮᠲᠤᠷᠠᠨ ᠵᠡᠭᠡᠯᠢ ᠳᠠᠭᠠᠤ ᠬᠤᠳᠠᠯᠳᠤᠭᠠᠨ ᠤ ᠳᠡᠯᠭᠡᠭᠦᠷ ᠤᠨ ᠫᠠᠶᠢᠰᠠ ᠢᠯᠡᠷᠬᠡᠢᠯᠡᠯ ᠤᠨ ᠮᠣᠩᠭᠤᠯ ᠬᠢᠲᠠᠳ ᠬᠡᠯᠡ ᠲᠣᠬᠢᠷᠠᠭᠤᠯᠬᠤ ᠲᠤᠰᠬᠠᠶ`ᠪᠠᠶᠢᠴᠠᠭᠠᠯᠲᠠ ᠥᠷᠨᠢᠭᠦᠯᠪᠡ᠃      ᠪᠠᠶᠢᠴᠠᠭᠠᠭᠴᠢ ᠠᠴᠠ ᠬᠠᠶᠢᠷᠤᠪ ᠤᠨ ᠲᠣᠬᠤᠢ ᠲᠣᠭᠤᠷᠢᠭ ᠤᠨ ᠰᠢᠨ᠎ᠡ ᠪᠠᠷ ᠠᠵᠢᠯ ᠡᠬᠢᠯᠡᠭᠦᠯᠦᠭᠰᠡᠨ ᠬᠤᠳᠠᠯᠳᠤᠭᠠᠨ ᠤ ᠫᠦᠰᠡ᠂ ᠴᠢᠩᠭ᠎ᠠ ᠬᠠᠮᠢᠶᠠᠷᠬᠤ ᠵᠡᠭᠡᠯᠢ᠂ ᠬᠤᠤᠰ ᠬᠡᠯᠡᠨ ᠤ ᠵᠢᠱᠢᠶ᠎ᠡ ᠦᠵᠡᠭᠦᠯᠬᠦ ᠵᠡᠭᠡᠯᠢ ᠪᠠ ᠬᠡᠰᠡᠭ ᠭᠤᠤᠯ ᠵᠡᠭᠡᠯᠢ ᠵᠠᠮ ᠤᠨ ᠫᠠᠶᠢᠰᠠ ᠢᠯᠡᠷᠬᠡᠶᠢᠯᠡᠯ ᠤᠭᠰᠠᠷᠠᠭᠰᠠᠨ ᠪᠠᠶᠢᠳᠠᠯ ᠪᠠ ᠮᠣᠩᠭᠤᠯ ᠬᠢᠲᠠᠳ ᠬᠡᠯᠡ ᠲᠣᠬᠢᠷᠠᠭᠤᠯᠤᠭᠰᠠᠨ ᠪᠠᠶᠢᠳᠠᠯ ᠳᠤ ᠲᠠᠰᠢᠷᠠᠮ ᠳᠠᠭᠠᠤ ᠰᠤᠭᠤᠴᠢᠨ ᠪᠠᠶᠢᠴᠠᠭᠠᠯᠲᠠ ᠬᠢᠵᠦ᠂ ᠬᠡᠰᠡᠭ ᠬᠤᠳᠠᠯᠳᠤᠭᠠᠴᠢᠨ ᠡᠷᠦᠬᠡ ᠬᠢᠨᠠᠨ ᠵᠥᠪᠰᠢᠶᠡᠷᠡᠭᠰᠡᠨ ᠬᠥᠬᠡ ᠵᠢᠷᠤᠭ ᠤᠨ ᠶᠣᠰᠣᠭᠠᠷ ᠫᠠᠶᠢᠰᠠ ᠢᠯᠡᠷᠬᠡᠶᠢᠯᠡᠯ ᠵᠣᠬᠢᠶᠠᠭᠰᠠᠨ ᠥᠬᠡᠶ᠂ ᠬᠢᠨᠠᠨ ᠵᠥᠪᠰᠢᠶᠡᠷᠡᠬᠦ ᠬᠢᠭᠡᠳ ᠤᠶᠢᠯᠡᠤᠡᠬᠦ ᠨᠢ ᠨᠡᠶᠢᠴᠡᠬᠦ ᠥᠬᠡᠶ᠂ ᠮᠣᠩᠭᠤᠯ ᠬᠢᠲᠠᠳ ᠬᠡᠯᠡᠨ ᠤ ᠬᠠᠷᠢᠴᠠᠯ᠂ ᠥᠩᠭᠡ ᠨᠢ ᠪᠠᠷᠢᠮᠵᠢᠶ᠎ᠠ ᠳᠤ ᠬᠦᠷᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃      ᠳᠡᠭᠡᠷᠡᠬᠢ ᠪᠠᠶᠢᠳᠠᠯ ᠳᠤ ᠴᠢᠭᠯᠡᠭᠦᠯᠦᠨ᠂ ᠬᠠᠶᠢᠷᠤᠪ ᠤᠨ ᠲᠣᠬᠤᠢ ᠲᠣᠭᠤᠷᠢᠭ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠮᠢᠶ᠎ᠠ ᠪᠦᠬᠦᠢ ᠴᠤᠪᠤᠷᠠᠯ ᠳᠤ ᠵᠣᠬᠢᠴᠠᠩᠭᠤᠶ ᠲᠣᠬᠢᠷᠠᠭᠤᠯᠤᠯᠲᠠ ᠬᠢᠵᠦ᠂ ᠬᠢᠨᠠᠨ ᠵᠥᠪᠰᠢᠶᠡᠷᠡᠬᠦ ᠴᠣᠩᠬᠤᠪᠴᠢ ᠶᠢᠨ ᠠᠵᠢᠯᠲᠠᠳ ᠡᠳᠦᠷ ᠪᠦᠷᠢ ᠶᠢᠨ ᠬᠢᠨᠠᠨ ᠵᠥᠪᠰᠢᠶᠡᠷᠡᠵᠦ ᠭᠦᠢᠴᠠᠤᠡᠭᠡᠵᠤ ᠳᠠᠭᠤᠰᠬᠠᠭᠰᠠᠨ ᠫᠠᠶᠢᠰᠠ ᠢᠯᠡᠷᠬᠡᠢᠯᠡᠯ ᠤᠨ ᠬᠥᠬᠡ ᠵᠢᠷᠤᠭ ᠢ ᠰᠦᠯᠵᠢᠶ᠎ᠡ ᠪᠠᠷ ᠳᠠᠮᠵᠢᠭᠤᠯᠤᠨ ᠡᠯ᠎ᠡ ᠳᠤᠮᠳᠠ ᠠᠩᠭᠢ ᠳᠤ ᠢᠯᠡᠭᠡᠵᠦ᠂ ᠡᠯ᠎ᠡ ᠳᠤᠮᠳᠠ ᠠᠩᠭᠢ ᠶᠢᠨ ᠬᠢᠨ ᠬᠥᠬᠡ ᠵᠢᠷᠤᠭ ᠲᠠᠢ ᠰᠢᠭᠤᠳ ᠬᠠᠷᠢᠴᠠᠭᠤᠯᠤᠨ ᠪᠠᠶᠢᠴᠠᠭᠠᠵᠤ᠂ ᠫᠠᠶᠢᠰᠠ ᠢᠯᠡᠷᠬᠡᠢᠯᠡᠯ ᠤᠶᠢᠯᠡᠤᠡᠬᠦ ᠨᠢ ᠬᠢᠨᠠᠨ ᠵᠥᠪᠰᠢᠶᠡᠷᠡᠯ ᠲᠠᠢ ᠨᠡᠶᠢᠴᠡᠬᠦ ᠥᠬᠡᠶ᠂ ᠬᠢᠨᠠᠨ ᠵᠥᠪᠰᠢᠶᠡᠷᠡᠬᠦ ᠶᠢ ᠳᠠᠮᠵᠢᠭᠰᠠᠨ ᠥᠬᠡᠶ ᠪᠤᠶᠤ ᠮᠣᠩᠭᠤᠯ ᠬᠢᠲᠠᠳ ᠬᠡᠯᠡ ᠲᠣᠬᠢᠷᠠᠭᠤᠯᠬᠤ ᠱᠠᠭᠠᠷᠳᠠᠯᠭ᠎ᠠ ᠳᠤ ᠨᠡᠶᠢᠴᠡᠬᠦ ᠥᠬᠡᠶ ᠬᠤᠳᠠᠯᠳᠤᠭᠠᠨ ᠤ ᠫᠦᠰᠡᠨ ᠳᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ ᠪᠣᠯᠤᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号