ᠬᠠᠶᠢᠷᠤᠪ ᠤᠨ ᠲᠣᠬᠤᠢ ᠲᠣᠭᠤᠷᠢᠭ ᠤᠨ ᠠᠳᠠᠯ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠨᠢ ᠠᠳᠠᠯ ᠠᠬᠤᠢ ᠶᠢᠨ ᠤᠶᠢᠯᠡᠴᠢᠯᠡᠭᠡ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2019-12-25
      ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠠᠳᠠᠯ ᠠᠬᠤᠢ ᠶᠢᠨ ᠤᠶᠢᠯᠡᠴᠢᠯᠡᠭᠡᠨ ᠤ ᠲᠦᠪᠰᠢᠨ ᠨᠡᠶᠢᠳᠡᠮ ᠳᠡᠭᠡᠨ ᠳᠡᠭᠡᠭᠰᠢᠯᠡᠪᠡ᠂ ᠡᠨᠡ ᠨᠢ ᠭᠤᠤᠯᠳᠠᠭᠤ ᠬᠠᠶᠢᠷᠤᠪ ᠤᠨ ᠲᠣᠬᠤᠢ ᠲᠣᠭᠤᠷᠢᠭ ᠤᠨ ᠠᠳᠠᠯ ᠠᠬᠤᠢ ᠶᠢᠨ ᠤᠶᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠭᠰᠠᠨ ᠠᠴᠠ ᠪᠣᠯᠵᠠᠶ᠃       2017 ᠣᠨ ᠳᠤ᠂ ᠠᠳᠠᠯ ᠠᠬᠤᠢ ᠶᠢᠨ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠬᠦᠴᠦᠨ ᠥᠬᠡᠶ ᠪᠣᠯᠭᠠᠨ᠎ᠠ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠳᠠᠯ ᠠᠬᠤᠢ ᠶᠢᠨ ᠤᠶᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠨᠠᠷᠢᠯᠢᠭᠵᠢᠭᠤᠯᠬᠤ ᠶᠢ ᠲᠦᠯᠬᠢᠨ ᠠᠬᠢᠭᠤᠯᠵᠤ᠂ ᠠᠳᠠᠯ ᠠᠬᠤᠢ ᠶᠢᠨ ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠣᠷᠣᠰᠢᠨ ᠰᠠᠭᠤᠬᠤ ᠳᠤ ᠲᠠᠭᠠᠯᠠᠮᠵᠢᠲᠠᠶ ᠲᠤᠷᠠᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠣᠭᠴᠠᠯᠠᠨ ᠪᠠᠶᠢᠭᠤᠯᠤᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠣᠷᠳᠣᠨ ᠤᠶᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠪᠠᠷ ᠬᠠᠶᠢᠷᠤᠪ ᠤᠨ ᠲᠣᠬᠤᠢ ᠲᠣᠭᠤᠷᠢᠭ ᠤᠨ ᠠᠳᠠᠯ ᠠᠬᠤᠢ ᠶᠢᠨ ᠤᠶᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠪᠠ᠃ ᠰᠢᠰᠲ᠋ᠧᠮ ᠨᠢ ᠡᠨᠡ ᠵᠢᠯ ᠤᠨ 2 ᠰᠠᠷ᠎ᠠ ᠠᠴᠠ ᠡᠬᠢᠯᠡᠨ ᠰᠤᠳᠤᠯᠤᠨ ᠨᠡᠭᠡᠭᠡᠵᠦ ᠪᠦᠲᠦᠭᠡᠨ ᠪᠠᠶᠢᠭᠤᠯᠵᠤ᠂ 5 ᠰᠠᠷ᠎ᠠ ᠠᠴᠠ ᠡᠬᠢᠯᠡᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠤᠷᠰᠢᠨ ᠠᠵᠢᠯᠯᠠᠵᠤ᠂ 6 ᠰᠠᠷ᠎ᠠ ᠶᠢᠨ 10᠎ ᠤ ᠡᠳᠦᠷ ᠵᠢᠩᠬᠢᠨᠢ ᠪᠠᠷ ᠡᠬᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ 6 ᠬᠡᠷᠡᠭ ᠡᠷᠬᠢᠯᠡᠬᠦ ᠭᠠᠵᠠᠷ 191 ᠵᠢᠵᠢᠭ ᠲᠣᠭᠤᠷᠢᠭ ᠢ ᠪᠦᠷᠬᠦᠪᠡ᠃ ᠤᠳᠤ ᠪᠣᠯᠲᠠᠯ᠎ᠠ᠂ ᠰᠢᠰᠲ᠋ᠧᠮ ᠨᠢ ᠨᠢᠭᠡᠨᠲᠡ ᠡᠯ᠎ᠡ ᠵᠢᠵᠢᠭ ᠲᠣᠭᠤᠷᠢᠭ ᠵᠢᠴᠢ ᠠᠳᠠᠯ ᠠᠬᠤᠢ ᠶᠢᠨ ᠺᠣᠮᠫᠠᠨᠢ ᠶᠢ 25 ᠤᠳᠠᠭ᠎ᠠ ᠭᠠᠷᠠᠭ ᠤᠨ ᠬᠢᠨᠠᠨ ᠰᠢᠯᠭᠠᠵᠤ᠂ 6 ᠤᠳᠠᠭ᠎ᠠ ᠰᠠᠷ᠎ᠠ ᠶᠢᠨ ᠬᠢᠨᠠᠨ ᠰᠢᠯᠭᠠᠵᠤ᠂ 1 ᠤᠳᠠᠭ᠎ᠠ ᠵᠢᠯ ᠬᠠᠭᠠᠰ ᠵᠢᠨ‌‍ᠬᠢᠨᠠᠨ ᠰᠢᠯᠭᠠᠵᠤ ᠰᠢᠰᠲ᠋ᠧᠮ ᠨᠢ ᠥᠪᠡᠷᠲᠡᠭᠡᠨ ᠬᠢᠨᠠᠨ ᠰᠢᠯᠭᠠᠭᠰᠠᠨ ᠦᠷ᠎ᠡ ᠳ᠋ᠦᠩ ᠶᠣᠰᠣᠭᠠᠷ ᠵᠢᠵᠢᠭ ᠲᠣᠭᠤᠷᠢᠭ ᠤᠨ ᠠᠳᠠᠯ ᠠᠬᠤᠢ ᠶᠢᠨ ᠤᠶᠢᠯᠡᠴᠢᠯᠡᠭᠡ ᠶᠢ ᠨᠡᠷᠡᠰ ᠤᠨ ᠵᠢᠭᠰᠠᠭᠠᠯᠲᠠ ᠬᠢᠭᠰᠡᠨ ᠪᠠᠶᠢᠨ᠎ᠠ᠃       ᠨᠡᠶᠢᠭᠡᠮ ᠲᠣᠭᠤᠷᠢᠭ ᠤᠨ ᠡᠷᠬᠢᠯᠡᠭᠴᠢ᠂ ᠵᠢᠵᠢᠭ ᠲᠣᠭᠤᠷᠢᠭ ᠤᠨ ᠦᠢᠯᠡᠰ ᠤᠨ ᠵᠥᠪᠯᠡᠯ ᠤᠨ ᠪᠦᠷᠢᠯᠳᠦᠬᠦᠨ ᠪᠣᠯᠤᠨ ᠵᠢᠵᠢᠭ ᠲᠣᠭᠤᠷᠢᠭ ᠤᠨ ᠬᠡᠰᠡᠭ ᠬᠠᠯᠠᠭᠤᠨ ᠰᠡᠳᠬᠢᠯᠲᠦ ᠥᠮᠴᠢᠲᠡᠨ ᠢᠶᠠᠷ ᠪᠦᠷᠢᠯᠳᠦᠭᠰᠡᠨ ︽ᠰᠢᠮᠳᠠᠭᠤᠯᠤᠨ ᠪᠠᠶᠢᠴᠠᠭᠠᠬᠤ ᠲᠤᠭᠤᠶᠢᠯᠠᠩ︾᠎ ᠨᠢ ᠰᠦᠯᠵᠢᠶ᠎ᠡ ᠪᠠᠷ ᠳᠠᠮᠵᠢᠨ ᠬᠠᠮᠤᠭ ᠤᠨ ᠲᠦᠷᠦᠭᠦᠨ ᠳᠤ ᠵᠢᠵᠢᠭ ᠲᠣᠭᠤᠷᠢᠭ ᠤᠨ ᠢᠯᠡᠷᠡᠭᠦᠯᠦᠭᠰᠡᠨ ᠠᠰᠠᠭᠤᠳᠠᠯ ᠢ ᠲᠠᠪᠴᠠᠩ ᠳᠡᠭᠡᠷ᠎ᠡ ᠲᠤᠰᠬᠠᠬᠤ ᠶᠢᠨ ᠬᠠᠮᠲᠤ ᠡᠯᠧᠺᠲᠷᠣᠨ ᠭᠠᠷ ᠤᠨ ᠦᠰᠦᠭ ᠵᠢᠷᠤᠵᠤ ᠨᠤᠲᠠᠯᠠᠵᠤ ᠪᠣᠯᠤᠨ᠎ᠠ᠂ ᠠᠳᠠᠯ ᠠᠬᠤᠢ ᠶᠢᠨ ᠺᠣᠮᠫᠠᠨᠢ ᠠᠰᠠᠭᠤᠳᠠᠯ ᠭᠠᠷᠤᠭᠰᠠᠨ ᠤ ᠳᠠᠷᠠᠭ᠎ᠠ᠂ ︽ᠰᠢᠮᠳᠠᠭᠤᠯᠤᠨ ᠪᠠᠶᠢᠴᠠᠭᠠᠬᠤ ᠲᠤᠭᠤᠶᠢᠯᠠᠩ︾᠎ ᠤᠨ ᠪᠦᠷᠢᠯᠳᠦᠬᠦᠨ ᠰᠠᠨᠠᠯ ᠢᠶᠠᠨ ᠬᠠᠷᠢᠭᠤ ᠲᠤᠰᠬᠠᠪᠠ᠃ ᠰᠢᠰᠲ᠋ᠧᠮ ᠨᠢ ᠥᠪᠡᠰᠦᠪᠡᠨ ᠦᠨᠡᠯᠡᠬᠦ᠂ ᠰᠢᠮᠳᠠᠭᠤᠯᠤᠨ ᠦᠨᠡᠯᠡᠬᠦ᠂ ᠬᠠᠷᠭᠤᠭᠤᠯᠤᠨ ᠦᠨᠡᠯᠡᠬᠦ ᠭᠤᠷᠪᠠᠨ ᠵᠤᠶᠢᠯ ᠤᠨ ᠰᠢᠯᠭᠠᠨ ᠬᠢᠨᠠᠬᠤ ᠴᠤᠪᠤᠷᠠᠯ ᠢᠶᠠᠷ ᠳᠠᠮᠵᠢᠭᠤᠯᠤᠨ᠂ ᠣᠷᠣᠨ ᠪᠦᠰᠡ᠂ ᠤᠨ ᠤᠯᠠᠷᠢᠯ ᠰᠠᠷ᠎ᠠ ᠭᠠᠷᠠᠭ ᠢᠶᠠᠷ ᠠᠳᠠᠯ ᠠᠬᠤᠢ ᠶᠢᠨ ᠤᠶᠢᠯᠡᠴᠢᠯᠡᠭᠡ ᠶᠢ ᠰᠢᠯᠭᠠᠨ ᠦᠨᠡᠯᠡᠵᠦ᠂ ᠦᠶᠡᠯᠡᠬᠦ ᠬᠤᠭᠤᠴᠠᠭ᠎ᠠ ᠶᠣᠰᠣᠭᠠᠷ ᠪᠠᠭ᠎ᠠ ᠲᠣᠭᠤᠷᠢᠭ ᠤᠨ ᠨᠡᠷᠡᠰ ᠤᠨ ᠵᠢᠭᠰᠠᠭᠠᠯᠲᠠ ᠪᠠ ᠠᠳᠠᠯ ᠠᠬᠤᠢ ᠶᠢᠨ ᠺᠣᠮᠫᠠᠨᠢ ᠶᠢᠨ ᠨᠡᠷᠡᠰ ᠤᠨ ᠵᠢᠭᠰᠠᠭᠠᠯᠲᠠ ᠶᠢ ᠪᠡᠶᠡᠯᠡᠭᠦᠯᠬᠦ ᠶᠢᠨ ᠬᠠᠮᠲᠤ᠂ ᠲᠡᠭᠦᠨ ᠳᠤ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ᠂ ᠪᠣᠯᠵᠣᠨ ᠶᠠᠷᠢᠯᠴᠠᠬᠤ᠂ ᠱᠠᠩᠨᠠᠵᠤ ᠲᠣᠷᠭᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ᠰᠢᠯᠭᠠᠨ ᠦᠨᠡᠯᠡᠬᠦ ᠠᠭᠤᠯᠭ᠎ᠠ ᠳᠤ ᠠᠰᠠᠷ ᠤᠨ ᠬᠤᠩᠭᠢᠯ ᠤᠨ ᠡᠷᠡᠭᠦᠯ ᠬᠠᠮᠠᠭᠠᠯᠠᠯ᠂ ᠪᠠᠭ᠎ᠠ ᠲᠣᠭᠤᠷᠢᠭ ᠤᠨ ᠨᠣᠭᠤᠭᠠᠨ ᠭᠠᠵᠠᠷ ᠢ ᠬᠠᠮᠠᠭᠠᠯᠠᠬᠤ᠂ ᠬᠤᠭ ᠤᠨ ᠰᠠᠪᠠ ᠶᠢᠨ ᠡᠷᠭᠢᠨ ᠲᠣᠭᠤᠷᠢᠨ ᠤ ᠡᠷᠡᠭᠦᠯ ᠬᠠᠮᠠᠭᠠᠯᠠᠯ᠂ ᠲᠡᠷᠭᠡᠨ ᠰᠠᠷᠠᠪᠴᠢ ᠶᠢᠨ ᠡᠷᠡᠭᠦᠯ ᠬᠠᠮᠠᠭᠠᠯᠠᠯ ᠵᠡᠷᠭᠡ ᠠᠷᠪᠠᠨ ᠬᠡᠳᠦᠨ ᠵᠤᠶᠢᠯ ᠤᠨ ᠠᠭᠤᠯᠭ᠎ᠠ ᠪᠠᠭᠲᠠᠨ᠎ᠠ᠃ᠡᠭᠦᠨ ᠠᠴᠠ ᠭᠠᠳᠠᠨ᠎ᠠ᠂ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠪᠣᠳᠠᠲᠠᠶ ᠪᠠᠶᠢᠳᠠᠯ ᠢ ᠦᠨᠳᠤᠰᠤᠯᠡᠨ ᠬᠢᠨᠠᠨ ᠰᠢᠯᠭᠠᠭᠰᠠᠨ ᠦᠷ᠎ᠡ ᠳ᠋ᠦᠩ ᠤᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠠᠯᠢ ᠴᠢᠳᠠᠬᠤ ᠪᠠᠷ ᠦᠨᠡᠨ ᠬᠦ ᠪᠠᠲᠤᠯᠠᠨ᠎ᠠ᠃      ᠦᠬᠠᠶ ᠬᠤᠲᠠ ᠪᠣᠯᠤᠨ ᠹᠧᠩ ᠠᠳᠠᠯ ᠠᠬᠤᠢ ᠶᠢᠨ ᠺᠣᠮᠫᠠᠨᠢ ᠶᠢᠨ ᠮᠠᠨ ᠱᠢ ᠱᠦᠶ ᠶᠦᠨ ᠰᠢᠦᠸᠠᠨ ᠤ ᠲᠥᠷᠥᠯ ᠵᠤᠶᠢᠯ ᠤᠨ ᠬᠡᠯᠲᠡᠰ ᠤᠨ ᠠᠳᠠᠯ ᠠᠬᠤᠢ ᠶᠢᠨ ᠳᠠᠭᠠᠭᠠᠮᠠᠯ ᠭᠦᠸᠧ ᠰᠢᠶᠣᠤ ᠫᠢᠩ᠄ ︽ᠵᠠᠷᠢᠮ ᠦᠶ᠎ᠡ ᠳᠤ ᠬᠢᠨᠠᠨ ᠬᠠᠮᠢᠶᠠᠷᠬᠤ ᠲᠠᠪᠴᠠᠩ ᠨᠢ ᠵᠢᠵᠢᠭ ᠲᠣᠭᠤᠷᠢᠭ ᠲᠤ ᠭᠠᠷᠤᠭᠰᠠᠨ ᠠᠰᠠᠭᠤᠳᠠᠯ ᠤᠨ ᠵᠢᠷᠤᠭ ᠢ ᠰᠢᠭᠤᠳ ᠮᠠᠨ ᠤ ᠭᠠᠷ ᠤᠲᠠᠰᠤᠨ ᠳᠡᠭᠡᠷ᠎ᠡ ᠶᠠᠪᠤᠭᠤᠯᠳᠠᠭ᠃ ᠪᠢᠳᠡ ᠵᠢᠷᠤᠭ ᠢ ᠦᠨᠳᠦᠰᠦᠯᠡᠨ᠂ ᠳᠠᠷᠠᠭ᠎ᠠ ᠨᠢ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠨ᠎ᠠ᠃ ᠡᠨᠡ ᠬᠦ ᠬᠢᠨᠠᠯᠲᠠ ᠬᠠᠮᠢᠶᠠᠷᠤᠯᠲᠠ ᠶᠢᠨ ᠲᠠᠪᠴᠠᠩ ᠪᠠᠶᠢᠪᠠᠯ᠂ ᠪᠢᠳᠡᠨ ᠤ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠪᠠ ᠰᠢᠢᠤᠡᠪᠤᠷᠢᠯᠡᠬᠦ ᠶᠢ ᠮᠠᠰᠢ ᠰᠠᠶᠢᠨ ᠠᠬᠢᠭᠤᠯᠵᠤ᠂ ᠪᠠᠰᠠ ᠪᠢᠳᠡᠨ ᠤ ᠠᠳᠠᠯ ᠠᠬᠤᠢ ᠶᠢᠨ ᠤᠶᠢᠯᠡᠴᠢᠯᠡᠭᠡ ᠶᠢ ᠰᠠᠶᠢᠨ ᠬᠢᠵᠦ᠂ ᠥᠮᠴᠢᠲᠡᠨ ᠢ ᠬᠠᠨᠤᠮᠵᠢᠲᠠᠶ ᠪᠣᠯᠭᠠᠨ᠎ᠠ᠃      ᠬᠠᠶᠢᠷᠤᠪ ᠤᠨ ᠲᠣᠬᠤᠢ ᠲᠣᠭᠤᠷᠢᠭ ‍ᠤᠨ‌‍ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠶᠠᠩ ᠬᠤᠩ ᠶᠠᠨ᠄ ︽ᠬᠤᠶᠢᠰᠢᠳᠠ᠂ ᠪᠢᠳᠡ ᠲᠣᠰ ᠰᠢᠰᠲ᠋ᠧᠮ ᠢ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠦᠨᠡᠨᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠲᠠᠢ ᠵᠣᠯᠭᠠᠭᠤᠯᠵᠤ᠂ ᠨᠠᠩ ᠪᠠᠷᠢᠮᠵᠢᠶ᠎ᠠ ᠵᠢᠷᠤᠮᠵᠢᠯ ᠲᠠᠢ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠠᠳᠠᠯ ᠠᠬᠤᠢ ᠶᠢᠨ ᠤᠶᠢᠯᠡᠴᠢᠯᠡᠭᠡᠨ ᠤ ᠠᠵᠤ ᠠᠬᠤᠢᠯᠠᠯ ᠨᠢᠭᠡᠪᠦᠷᠢ᠂ ᠠᠳᠠᠯ ᠠᠬᠤᠢ ᠶᠢᠨ ᠲᠥᠷᠥᠯ ᠵᠤᠶᠢᠯ ᠨᠢᠭᠡᠪᠦᠷᠢ ᠶᠢ ᠴᠥᠮ ᠰᠢᠯᠭᠠᠨ ᠦᠨᠡᠯᠡᠬᠦ ᠪᠠᠷᠢᠮᠵᠢᠶ᠎ᠠ ᠶᠣᠰᠣᠭᠠᠷ ᠰᠠᠭᠤᠭᠠᠯᠢ ᠠᠷᠠᠳ ᠲᠤ ᠦᠢᠯᠡᠴᠢᠯᠡᠵᠦ᠂ ᠡᠶ᠎ᠡ ᠵᠣᠬᠢᠴᠠᠩᠭᠤᠶ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠵᠤ᠂ ᠡᠭᠦᠨ ᠤ ᠳᠤ ᠤᠯᠠᠮ ᠢᠶᠠᠷ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠎ᠡ︾ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号