ᠢ ᠯᠢᠨ ᠨᠡᠶᠢᠭᠡᠮ ᠲᠣᠭᠤᠷᠢᠭ ᠠᠴᠠ ᠲᠣᠭᠤᠷᠢᠭ ᠤᠨ ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠵᠤ ᠪᠠᠶᠢᠬᠤ ᠶᠢ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2019-12-26
     12 ᠰᠠᠷ᠎ᠠ ᠶᠢᠨ 23᠎ ᠤ ᠡᠳᠦᠷ᠂ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠬᠤ ᠢ ᠯᠢᠨ ᠨᠡᠶᠢᠭᠡᠮ ᠲᠣᠭᠤᠷᠢᠭ ᠤᠨ ᠬᠢᠨ ᠬᠤᠸᠠ ᠲᠦᠩ ᠠᠳᠠᠯ ᠠᠬᠤᠢ ᠲᠠᠢ ᠬᠤᠯᠪᠣᠭᠠᠯᠠᠨ ᠢ ᠯᠢᠨ B ᠲᠣᠭᠤᠷᠢᠭ ᠤᠨ ᠨᠣᠭᠤᠭᠠᠨ ᠭᠠᠵᠠᠷ᠂ ᠥᠨᠴᠥᠭ ᠪᠤᠯᠤᠩ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠳᠤ ᠣᠪᠣᠭᠠᠷᠠᠭᠰᠠᠨ ᠡᠯᠳᠡᠪ ᠶᠠᠭᠤᠮ᠎ᠠ᠂ ᠬᠠᠶᠠᠭᠳᠠᠮᠠᠯ ᠬᠠᠭᠤᠴᠢᠨ ᠭᠡᠷ ᠤᠨ ᠬᠡᠷᠡᠭᠰᠡᠯ᠂ ᠪᠠᠷᠢᠯᠭ᠎ᠠ ᠶᠢᠨ ᠬᠤᠭ ᠨᠣᠪᠰᠢ ᠶᠢ ᠲᠦᠢᠯᠪᠤᠷᠢᠲᠠᠶ ᠴᠡᠪᠡᠷᠯᠡᠵᠦ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠦᠵᠡᠭᠳᠡᠯ ᠢ ︽ᠳᠠᠯᠳᠠᠯᠠᠬᠤ ᠭᠠᠵᠠᠷ ᠦᠭᠡᠢ︾ ᠪᠣᠯᠭᠠᠪᠠ᠃      ᠲᠥᠪᠯᠡᠷᠡᠭᠦᠯᠦᠨ ᠢᠯᠭᠠᠷᠠᠭᠤᠯᠬᠤ ᠠᠴᠠ ᠡᠮᠦᠨ᠎ᠡ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠪᠠᠨ ᠳᠣᠲᠣᠷᠠᠬᠢ ᠡᠯᠳᠡᠪ ᠶᠠᠭᠤᠮ᠎ᠠ ᠣᠪᠣᠭᠠᠯᠠᠵᠤ ᠪᠠᠶᠢᠭ᠎ᠠ ᠵᠤᠶᠢᠯᠡᠰ ᠢ ᠪᠦᠬᠦ ᠲᠠᠯ᠎ᠠ ᠪᠠᠷ ᠶᠡᠬᠡᠪᠡᠷ ᠵᠢᠭᠰᠠᠭᠠᠨ ᠪᠠᠶᠢᠴᠠᠭᠠᠵᠤ᠂ ᠣᠪᠣᠭᠠᠯᠠᠵᠤ ᠪᠠᠶᠢᠭ᠎ᠠ ᠶᠠᠭᠤᠮ᠎ᠠ ᠶᠢᠨ ᠣᠷᠣᠨ ᠪᠠᠶᠢᠷᠢ᠂ ᠡᠳ᠋ ᠪᠣᠳᠠᠰ ᠤᠨ ᠬᠠᠷᠢᠶᠠᠯᠠᠭᠳᠠᠬᠤ ᠬᠥᠮᠦᠨ ᠵᠡᠷᠭᠡ ᠮᠡᠳᠡᠭᠡ ᠵᠠᠩᠭᠢ ᠶᠢ ᠨᠠᠷᠢᠨ ᠨᠢᠭᠲᠠ ᠲᠡᠮᠳᠡᠭᠯᠡᠬᠦ ᠶᠢᠨ ᠬᠠᠮᠲᠤ ᠳᠠᠶᠢᠴᠢᠯᠠᠯᠲᠠ ᠤᠬᠠᠭᠤᠯᠭ᠎ᠠ ᠶᠢ ᠤᠷᠢᠳᠴᠢᠯᠠᠨ ᠰᠠᠶᠢᠲᠤᠷ ᠬᠢᠵᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠲᠠᠯᠪᠢᠬᠤ ᠬᠤᠤᠷ ᠬᠥᠨᠥᠭᠡᠯ ᠢ ᠨᠠᠷᠢᠨ ᠨᠢᠮᠪᠠᠶ ᠲᠠᠶᠢᠯᠪᠤᠷᠢᠯᠵᠤ ᠦᠭᠴᠦ᠂ ᠬᠠᠤᠯᠢ ᠴᠠᠭᠠᠵᠠ ᠶᠢᠨ ᠮᠡᠳᠡᠯᠭᠡ ᠪᠣᠯᠤᠨ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠰᠠᠭᠤᠭᠠᠯᠢ ᠠᠷᠠᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠤᠷᠢᠳᠠᠪᠠᠷ ᠥᠪᠡᠷᠲᠡᠭᠡᠨ ᠢᠯᠭᠠᠷᠠᠭᠤᠯᠤᠨ᠎ᠠ᠃      ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠬᠤ ᠦᠵᠡᠭᠳᠡᠯ ᠢ ᠰᠡᠷᠭᠡᠶᠢᠯᠡᠬᠦ ᠶᠢᠨ ᠲᠥᠯᠥᠭᠡ᠂ ᠢ ᠯᠢᠨ ᠨᠡᠶᠢᠭᠡᠮ ᠲᠣᠭᠤᠷᠢᠭ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠲᠣᠤᠷᠵᠢᠭᠤᠯᠤᠭᠴᠢ᠂ ᠠᠰᠠᠷ ᠤᠨ ᠳᠠᠷᠤᠭ᠎ᠠ ᠵᠡᠷᠭᠡ ᠶᠢ ᠵᠣᠬᠢᠶᠠᠨ ᠪᠠᠶᠢᠭᠤᠯᠵᠤ᠂ ᠡᠳᠦᠷ ᠪᠦᠷᠢ ᠰᠠᠭᠤᠭᠠᠯᠢ ᠲᠣᠭᠤᠷᠢᠭ᠂ ᠠᠰᠠᠷ ᠤᠨ ᠵᠠᠮ ᠳᠤ ᠣᠯᠠᠨ ᠬᠦᠷᠳᠦᠲᠦ ᠬᠢᠨᠠᠯᠲᠠ ᠪᠠᠶᠢᠴᠠᠭᠠᠯᠲᠠ ᠬᠢᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠴᠡᠪᠡᠷ ᠲᠡᠭᠰᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠡᠪ ‍ᠤᠨ‌‍ᠪᠠᠶᠢᠳᠠᠯ ᠪᠣᠯᠭᠠᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号