ᠬᠠᠶᠢᠷᠤᠪ ᠤᠨ ᠲᠣᠬᠤᠢ ᠲᠣᠭᠤᠷᠢᠭ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠰᠠᠶᠢᠨ ᠰᠠᠶᠢᠬᠠᠨ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠪᠠ
ᠨᠡᠶᠢᠲᠡᠯᠡᠭᠰᠡᠨ ᠴᠠᠭ᠄
2019-12-26
     ᠡᠨᠡ ᠵᠢᠯ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠦᠵᠡᠮᠵᠢ ᠪᠠᠶᠢᠳᠠᠯ ᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠬᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠬᠤ᠂ ᠵᠠᠮ ᠡᠵᠡᠯᠡᠨ ᠡᠵᠡᠩᠨᠡᠬᠦ ᠵᠡᠷᠭᠡ ᠶᠢ ᠴᠡᠪᠡᠷᠯᠡᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠰᠠᠶᠢᠨ ᠰᠠᠶᠢᠬᠠᠨ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠬᠤᠲᠠ ᠶᠢ ᠥᠩᠭᠡ ᠪᠣᠳᠤᠭ ᠲᠠᠢ ᠮᠥᠷᠲᠡᠭᠡᠨ ᠠᠭᠤᠯᠤᠭᠳᠠᠬᠤᠨ ᠲᠠᠢ ᠪᠣᠯᠭᠠᠪᠠ᠃      ᠬᠠᠶᠢᠷᠤᠪ ᠤᠨ ᠲᠣᠬᠤᠢ ᠲᠣᠭᠤᠷᠢᠭ ᠤᠨ ᠴᠡᠴᠡᠷᠯᠢᠭ ᠤᠨ ᠬᠤᠶᠢᠳᠤ ᠡᠭᠦᠳᠡᠨ ᠤ ᠥᠷᠯᠥᠭᠡ ᠶᠢᠨ ᠵᠠᠬ᠎ᠠ ᠳᠡᠯᠭᠡᠭᠦᠷ ᠪᠣᠯ ᠲᠦᠷ ᠴᠠᠭ ᠤᠨ ᠵᠠᠳᠠᠭᠠᠶ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠪᠣᠯᠤᠨ᠎ᠠ᠂ 200 ᠰᠢᠬᠠᠮ ᠳᠡᠯᠭᠡᠭᠦᠷ ᠲᠠᠢ᠂ ᠭᠡᠪᠡᠴᠦ ᠵᠠᠬ᠎ᠠ ᠳᠡᠯᠭᠡᠭᠦᠷ ᠨᠢ ᠡᠮᠬᠢ ᠳᠢᠭᠯᠢᠮ ᠲᠠᠢ ᠪᠠᠶᠢᠵᠤ᠂ ᠣᠷᠴᠢᠨ ᠲᠣᠭᠤᠷᠢᠨ ᠴᠡᠪᠡᠷ ᠲᠡᠭᠰᠢ ᠪᠠᠶᠢᠨ᠎ᠠ᠃ ᠣᠶᠢᠯᠠᠭᠠᠭᠰᠠᠨ ᠢᠶᠠᠷ᠂ ᠴᠡᠴᠡᠷᠯᠢᠭ ᠤᠨ ᠬᠤᠶᠢᠲᠤ ᠡᠭᠦᠳᠡᠨ ᠤ ᠡᠷᠲᠡ ᠶᠢᠨ ᠵᠠᠬ᠎ᠠ ᠳᠡᠯᠭᠡᠭᠦᠷ ᠤᠳᠤ ᠥᠷᠯᠥᠭᠡ ᠶᠢᠨ ᠳᠣᠯᠣᠭᠠᠨ ᠴᠠᠭ ᠠᠴᠠ ᠡᠮᠦᠨ᠎ᠡ ᠵᠠᠬ᠎ᠠ ᠳᠡᠯᠭᠡᠭᠦᠷ ᠲᠤ ᠣᠷᠣᠵᠤ᠂ ᠠᠷᠪᠠᠨ ᠴᠠᠭ ᠠᠴᠠ ᠡᠮᠦᠨ᠎ᠡ ᠵᠠᠬ᠎ᠠ ᠳᠡᠯᠭᠡᠭᠦᠷ ᠬᠠᠭᠠᠵᠤ᠂ ᠵᠠᠬ᠎ᠠ ᠳᠡᠯᠭᠡᠭᠦᠷ ᠤᠨ ᠵᠢᠷᠤᠮᠵᠢᠭᠤᠨ ᠡᠵᠡᠩᠨᠡᠯᠲᠡ ᠬᠠᠮᠢᠶᠠᠷᠤᠯᠲᠠ ᠶᠢ ᠴᠢᠩᠭ᠎ᠠ ᠵᠢᠷᠤᠮᠯᠠᠨ᠂ ᠵᠠᠬ᠎ᠠ ᠳᠡᠯᠭᠡᠭᠦᠷ ᠬᠠᠭᠠᠭᠰᠠᠨ ᠤ ᠳᠠᠷᠠᠭ᠎ᠠ ᠴᠡᠪᠡᠷᠯᠡᠭᠴᠢ ᠠᠵᠢᠯᠲᠠᠨ ᠴᠡᠪᠡᠷᠯᠡᠭᠡ ᠬᠢᠵᠦ᠂ ᠡᠨᠡ ᠬᠦ ᠣᠷᠣᠨ ᠪᠦᠰᠡ ᠶᠢᠨ ᠣᠷᠴᠢᠨ ᠠᠬᠤᠢ ᠶᠢᠨ ᠴᠡᠪᠡᠷ ᠲᠡᠭᠰᠢ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠭᠰᠠᠨ ᠪᠥᠭᠡᠳ ᠬᠤᠲᠠ ᠶᠢᠨ ᠠᠷᠠᠳ ᠤᠨ ᠵᠥᠪᠰᠢᠶᠡᠷᠡᠯ ᠢ ᠣᠯᠤᠭᠰᠠᠨ ᠪᠠᠶᠢᠨ᠎ᠠ᠃      ᠠᠷᠠᠳ ᠤᠨ ᠵᠠᠮ ᠪᠣᠯᠤᠨ ᠰᠢᠨᠬᠤᠸᠠ ᠵᠡᠭᠡᠯᠢ ᠶᠢᠨ ᠬᠤᠶᠠᠷ ᠴᠢᠩᠭ᠎ᠠ ᠬᠠᠮᠢᠶᠠᠷᠤᠯᠲᠠ ᠶᠢᠨ ᠵᠡᠭᠡᠯᠢ ᠳᠡᠭᠡᠷ᠎ᠡ᠂ ᠡᠮᠦᠨ᠎ᠡ ᠬᠤᠶᠠᠷ ᠡᠳᠦᠷ ᠤᠨ ᠴᠠᠰᠤ ᠠᠷᠢᠯᠭᠠᠭᠳᠠᠵᠤ᠂ ᠮᠠᠰᠢᠨ ᠲᠡᠷᠭᠡ᠂ ᠳᠤᠭᠤᠶ ᠲᠡᠷᠭᠡ ᠡᠮᠬᠢ ᠳᠢᠭᠯᠢᠮ ᠲᠠᠢ ᠵᠣᠭᠰᠣᠵᠤ᠂ ᠳᠤᠷ᠎ᠠ ᠪᠠᠷ ᠢᠶᠠᠨ ᠪᠠᠶᠢᠭᠤᠯᠤᠭᠰᠠᠨ ᠳᠡᠯᠭᠡᠭᠦᠷ ᠭᠠᠳᠠᠨᠠᠬᠢ ᠳᠡᠯᠭᠡᠭᠦᠷ ᠵᠡᠷᠭᠡ ᠦᠵᠡᠭᠳᠡᠯ ᠦᠭᠡᠢ᠂ ᠪᠦᠬᠦᠶᠢᠯᠡ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠬᠥᠮᠦᠰ ᠲᠤ ᠲᠤᠶᠢᠯ ᠤᠨ ᠴᠡᠪᠡᠷ ᠲᠠᠭᠠᠯᠠᠮᠵᠢᠲᠠᠶ ᠰᠠᠨᠠᠭᠳᠠᠨ᠎ᠠ᠃ ᠠᠳᠡ ᠡᠳᠦᠷ ᠲᠣᠲᠤᠮ ᠤᠨ ᠲᠣᠭᠤᠷᠢᠨ ᠪᠠᠶᠢᠴᠠᠭᠠᠯᠲᠠ ᠬᠢᠵᠦ ᠪᠠᠶᠢᠭ᠎ᠠ ᠬᠠᠤᠯᠢ ᠬᠡᠷᠡᠭᠵᠢᠭᠦᠯᠬᠦ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠴᠢᠩᠭ᠎ᠠ ᠬᠠᠮᠢᠶᠠᠷᠬᠤ ᠵᠡᠭᠡᠯᠢ ᠨᠢ ᠨᠢᠭᠡᠨᠲᠡ ᠡᠳᠦᠷ ᠪᠦᠷᠢ ᠶᠢᠨ ᠲᠣᠭᠤᠷᠢᠨ ᠪᠠᠶᠢᠴᠠᠭᠠᠯᠲᠠ ᠶᠢ ᠪᠠᠶᠢᠩᠭᠤᠵᠢᠭᠤᠯᠵᠤ᠂ ᠨᠢᠭᠡ ᠤᠳᠠᠭ᠎ᠠ ᠲᠣᠭᠤᠷᠢᠨ ᠪᠠᠶᠢᠴᠠᠭᠠᠯᠲᠠ ᠨᠢ 4.6 ᠺᠢᠯᠦᠮᠧᠳ᠋ᠷ ᠪᠠᠶᠢᠵᠤ᠂ ᠨᠢᠭᠡ ᠡᠳᠦᠷ ᠡᠩ ᠤᠨ ᠪᠠᠶᠢᠳᠠᠯ ᠳᠤ 3 ᠲᠣᠭᠤᠷᠢᠭ ᠲᠣᠭᠤᠷᠢᠨ ᠪᠠᠶᠢᠴᠠᠭᠠᠨ᠎ᠠ᠂ ᠥᠭᠡᠷ᠎ᠡ ᠪᠠᠷ ᠬᠡᠯᠡᠪᠡᠯ᠂ ᠬᠠᠤᠯᠢ ᠬᠡᠷᠡᠭᠵᠢᠭᠦᠯᠬᠦ ᠠᠵᠢᠯᠲᠠᠨ ᠡᠳᠦᠷ ᠪᠦᠷᠢ ᠶᠠᠪᠠᠭᠠᠨ ᠢᠶᠠᠷ 15 ᠺᠢᠯᠦᠮᠧᠳ᠋ᠷ ᠶᠠᠪᠤᠵᠤ᠂ ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ ᠮᠠᠰᠢᠨ ᠲᠡᠷᠭᠡ ᠪᠣᠯᠤᠨ ᠮᠠᠰᠢᠨᠲᠤ ᠪᠤᠰᠤ ᠲᠡᠷᠭᠡ ᠶᠢᠨ ᠳᠦᠷᠢᠮ ᠲᠣᠭᠲᠠᠭᠠᠯ ᠢ ᠵᠥᠷᠢᠴᠡᠨ ᠲᠡᠷᠭᠡ ᠵᠣᠭᠰᠣᠭᠠᠵᠤ ᠵᠠᠰᠠᠬᠤ᠂ ᠬᠤᠳᠠᠯᠳᠤᠭᠠᠨ ᠤ ᠳᠡᠯᠭᠡᠭᠦᠷ ᠡᠯᠰᠡᠵᠦ ᠵᠠᠰᠠᠬᠤ ᠵᠡᠷᠭᠡ ᠲᠠᠯ᠎ᠠ ᠪᠠᠷ ᠨᠠᠷᠢᠯᠢᠭᠵᠢᠭᠤᠯᠤᠨ ᠬᠠᠮᠢᠶᠠᠷᠴᠤ᠂ ᠴᠡᠪᠡᠷ ᠵᠡᠭᠡᠯᠢ ᠭᠤᠳᠤᠮᠵᠢ ᠪᠣᠯᠤᠨ ᠰᠠᠶᠢᠨ ᠰᠠᠶᠢᠬᠠᠨ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠂ ᠡᠨᠡ ᠨᠢ ᠮᠥᠨ ᠴᠦ ᠬᠠᠤᠯᠢ ᠬᠡᠷᠡᠭᠵᠢᠭᠦᠯᠬᠦ ᠠᠵᠢᠯᠲᠠᠨ ᠤ ᠡᠨᠡ ᠵᠢᠯ ᠤᠨ ᠠᠵᠢᠯ ᠶᠢᠨ ᠬᠠᠮᠤᠭ ᠤᠨ ᠶᠡᠭᠡ ᠣᠯᠤᠯᠲᠠ ᠪᠣᠯᠤᠨ᠎ᠠ᠃      ᠣᠳᠣᠬᠠᠨ ᠳᠤ᠂ ᠦᠬᠠᠶ ᠶᠢᠨ ᠵᠡᠭᠡᠯᠢ ᠳᠡᠭᠡᠷ᠎ᠡ᠂ ᠥᠩᠭᠡᠷᠡᠭᠡᠭᠰᠡᠨ ᠳᠤ ᠣᠯᠠᠨ ᠵᠢᠯ ᠣᠷᠣᠰᠢᠵᠤ ᠪᠠᠶᠢᠭᠰᠠᠨ ᠵᠠᠰᠠᠮᠠᠯ ᠵᠠᠮ ᠤᠨ ᠵᠠᠬ᠎ᠠ ᠳᠡᠯᠭᠡᠭᠦᠷ ᠠᠯᠠᠭ᠎ᠠ ᠪᠣᠯᠵᠤ᠂ ᠵᠠᠮ ᠨᠢ ᠴᠡᠪᠡᠷ ᠴᠡᠮᠴᠡᠭᠡᠷ ᠪᠣᠯᠤᠭᠰᠠᠨ ᠢ ᠪᠢᠳᠡ ᠣᠯᠵᠤ ᠦᠵᠡᠬᠦ ᠪᠣᠯᠤᠨ᠎ᠠ︔ ᠳᠤᠷ᠎ᠠ ᠪᠠᠷ ᠢᠶᠠᠨ ᠲᠡᠷᠭᠡ ᠵᠣᠭᠰᠣᠭᠠᠬᠤ ᠪᠠᠶᠢᠳᠠᠯ ᠲᠤᠩ ᠴᠥᠭᠡᠨ ᠪᠠᠶᠢᠵᠤ᠂ ᠲᠡᠷᠭᠡ ᠵᠣᠭᠰᠣᠭᠠᠬᠤ ᠨᠢ ᠨᠠᠩ ᠡᠮᠬᠢ ᠴᠡᠭᠴᠡ ᠲᠠᠢ ᠪᠣᠯᠤᠭᠰᠠᠨ ᠪᠠᠶᠢᠨ᠎ᠠ︔ ᠵᠡᠭᠡᠯᠢ ᠳᠠᠭᠠᠤ ᠳᠡᠯᠭᠡᠭᠦᠷ ᠫᠦᠰᠡ ᠶᠢ ᠡᠷᠦᠶ ᠬᠤᠷᠤᠶ ᠦᠭᠡᠢ ᠣᠪᠣᠭᠠᠯᠠᠵᠤ ᠲᠠᠯᠪᠢᠭᠠᠳ ᠪᠠᠰᠠ ᠣᠷᠣ ᠮᠥᠷ ᠦᠭᠡᠢ ᠠᠷᠢᠯᠪᠠ᠂ ᠡᠵᠡᠩᠨᠡᠯᠲᠡ ᠨᠠᠩ ᠵᠢᠷᠤᠮᠵᠢᠪᠠ᠁ ᠡᠳᠡᠭᠡᠷ ᠬᠤᠪᠢᠷᠠᠯᠲᠠ ᠨᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠃      ᠰᠢᠨ᠎ᠡ ᠨᠢᠭᠡᠨ ᠵᠢᠯ ᠬᠦᠷᠴᠦ ᠢᠷᠡᠬᠦ ᠲᠠᠰᠢᠷᠠᠮ ᠢᠶᠠᠷ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠴᠦ ᠰᠠᠶᠢᠲᠤᠷ ᠪᠡᠯᠡᠳᠬᠡᠯ ᠬᠢᠵᠦ᠂ ︽ᠬᠤᠸᠠᠷ ᠬᠠᠳᠬᠤᠬᠤ︾ ᠡᠷᠳᠡᠮ ᠮᠡᠷᠭᠡᠵᠢᠯ ᠰᠢᠭ ᠨᠠᠷᠢᠯᠢᠭ ᠬᠠᠮᠢᠶᠠᠷᠤᠯᠲᠠ ᠪᠠᠷ ᠪᠦᠬᠦ ᠬᠤᠲᠠ ᠶᠢ ᠭᠤᠶᠢᠲᠠ‌‍ᠰᠠᠶᠢᠬᠠᠨ ᠡᠷᠪᠡᠬᠡᠶ ᠶᠢᠨ ᠬᠤᠪᠢᠷᠠᠯᠲᠠ ᠶᠢ ᠪᠡᠶᠡᠯᠡᠭᠦᠯᠤᠶ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号