ᠬᠠᠶᠢᠷᠤᠪ ᠤᠨ ᠲᠣᠬᠤᠢ ᠲᠣᠭᠤᠷᠢᠭ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ 2019 ᠤᠨ ᠤ 7 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-12-26
     2019 ᠤᠨ ᠤ 12 ᠰᠠᠷ᠎ᠠ ᠶᠢᠨ 24᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠤ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠬᠤ᠋ ᠬᠠᠶᠢᠷᠤᠪ ᠤᠨ ᠲᠣᠬᠤᠢ ᠲᠣᠭᠤᠷᠢᠭ ᠤᠨ ᠶᠠᠳᠠᠭᠤ ᠶᠢ ᠲᠡᠳᠬᠦᠬᠦ ᠤᠳᠤᠷᠢᠳᠬᠤ ᠳᠤᠭᠤᠶᠢᠯᠠᠩ ᠤᠨ 2019 ᠤᠨ ᠤ 7 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠎ ᠲᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠶᠡᠷᠦᠩᠬᠡᠶ ᠠᠩᠭᠢ ᠶᠢᠨ ᠳᠠᠷᠤᠭ᠎ᠠ ᠰᠦᠩ ᠰᠢ ᠳ᠋ᠦᠩ 12 ᠰᠠᠷ᠎ᠠ ᠶᠢᠨ 20᠎ ᠤ ᠡᠳᠦᠷ ᠤᠨ ᠪᠦᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠡᠷᠭᠢᠨ ᠬᠠᠷᠠᠬᠤ︾ ᠠᠵᠢᠯ ᠢ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠮᠡᠳᠡᠭᠳᠡᠵᠦ᠂ 2019 ᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳ᠋ᠦᠩᠨᠡᠵᠦ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠢᠤᠡᠪᠤᠷᠢᠯᠡᠬᠦ ᠵᠢᠴᠢ 2020 ᠤᠨ ᠤ ᠠᠵᠢᠯ ᠶᠢᠨ ᠲᠥᠯᠥᠪᠯᠡᠭᠡ ᠶᠢ ᠲᠣᠭᠲᠠᠭᠠᠨ᠎ᠠ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠠᠯᠭᠠᠰᠤᠨ ᠤ ᠠᠯᠪᠠᠨ ᠭᠡᠷ ᠤᠨ ᠭᠤᠤᠯ ᠤᠳᠤᠷᠢᠳᠤᠯᠭ᠎ᠠ᠂ ᠡᠯ᠎ᠡ ᠲᠣᠰᠬᠤᠨ ︵ᠨᠡᠶᠢᠭᠡᠮ ᠲᠣᠭᠤᠷᠢᠭ︶᠎ ᠤ ᠨᠢᠭᠡᠳᠦᠭᠡᠷ ᠱᠦᠵᠢ ᠪᠣᠯᠤᠨ ᠲᠣᠰᠬᠤᠨ ︵ᠨᠡᠶᠢᠭᠡᠮ ᠲᠣᠭᠤᠷᠢᠭ︶᠎ ᠤ ᠱᠦᠵᠢ ᠬᠤᠷᠠᠯ ᠳᠤ ᠣᠷᠣᠯᠴᠠᠪᠠ᠃      ᠬᠤᠷᠠᠯ ᠠᠴᠠ᠂ 2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠡᠶᠡᠯᠡᠭᠳᠡᠬᠦ ᠵᠢᠯ ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠡᠭᠦᠯ ᠬᠤᠷᠢᠶᠠᠬᠤ ᠵᠢᠯ ᠮᠥᠨ᠂ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠥᠷᠢᠰᠥᠯᠳᠦᠭᠡᠨ ᠢ ᠭᠦᠨᠵᠡᠭᠡᠶ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠶ︔ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠨᠢᠭᠡ ᠯᠡ ᠠᠮᠢᠰᠬᠤᠭ᠎ᠠ ᠪᠠᠷ ᠴᠢᠷᠮᠠᠶᠢᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠪᠣᠭᠤᠮᠲᠠ ᠰᠢᠪᠲᠤᠯᠬᠤ ᠪᠠᠶᠢᠳᠠᠯ ᠢᠶᠠᠨ ᠪᠠᠲᠤᠯᠠᠵᠤ᠂ ᠪᠣᠭᠤᠮᠲᠠ ᠰᠢᠪᠲᠤᠯᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠡᠯ᠎ᠡ ᠵᠤᠶᠢᠯ ᠤᠨ ᠠᠵᠢᠯ ᠶᠢᠨ ᠭᠤᠤᠯᠳᠠᠯᠭ᠎ᠠ ᠲᠠᠢ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号