ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠡᠭᠡᠲᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠦᠬᠡ ᠠᠮᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2019-12-03
     ᠣᠯᠠᠨ ᠲᠦᠮᠡᠨ ᠳᠤ ᠦᠢᠯᠡᠴᠢᠯᠡᠬᠦ ᠠᠵᠢᠯ ᠤᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠴᠠᠭᠳᠠᠭ᠎ᠠ ᠠᠷᠠᠳ ᠤᠨ ᠬᠠᠷᠢᠴᠠᠭ᠎ᠠ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ᠠᠷᠠᠳ ᠢ ᠳᠣᠲᠣᠨᠣᠴᠢᠯᠠᠬᠤ᠂ ᠠᠷᠠᠳ ᠲᠤ ᠳᠥᠭᠦᠮ ᠦᠵᠡᠭᠦᠯᠬᠦ᠂ ᠠᠷᠠᠳ ᠤᠨ ᠲᠥᠯᠥᠭᠡ ᠦᠢᠯᠡᠴᠢᠯᠡᠬᠦ︾᠎ ᠪᠠᠷ ᠠᠵᠢᠯ ᠤᠨ ᠵᠣᠷᠢᠯᠲᠠ ᠪᠠᠨ ᠪᠣᠯᠭᠠᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠤᠨ ᠰᠢᠯᠭᠠᠭᠤᠯᠤᠭᠴᠢ ᠶᠢᠨ ᠡᠷᠦᠬᠡ ᠠᠮᠠ ᠶᠢᠨ ᠬᠠᠷᠢᠶ᠎ᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠠᠵᠢᠯ ᠢᠶᠠᠨ ᠨᠠᠷᠢᠨ ᠬᠢᠨᠠᠮᠠᠭᠠᠶ ᠰᠠᠶᠢᠲᠤᠷ ᠬᠢᠵᠦ᠂ ᠲᠡᠭᠡᠲᠤ ᠰᠤᠷᠭᠠᠭᠤᠯᠢ ᠳᠤ ᠰᠢᠯᠭᠠᠭᠤᠯᠬᠤ ᠰᠤᠷᠤᠭᠴᠢᠳ ᠲᠤ ᠪᠥᠬᠦ ᠬᠦᠴᠦᠨ ᠢᠶᠠᠷ ᠢᠶᠠᠨ ᠦᠢᠯᠡᠴᠢᠯᠡᠵᠦ᠂ ᠥᠷᠭᠡᠨ ᠣᠯᠠᠨ ᠰᠢᠯᠭᠠᠭᠤᠯᠤᠭᠴᠢ ᠶᠢᠨ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠪᠠ᠃      ᠨᠢᠭᠡ ᠳᠤ ᠲᠤᠰᠬᠠᠶ ᠴᠣᠩᠬᠤᠪᠴᠢ ᠨᠡᠭᠡᠭᠡᠵᠦ᠂ ᠥᠨᠳᠥᠷ ᠪᠦᠲᠦᠮᠵᠢᠲᠡᠶ ᠬᠦᠢᠴᠡᠳᠭᠡᠪᠡ᠃ ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠦᠬᠡ ᠠᠮᠠ ᠶᠢᠨ ᠳᠠᠩᠰᠠ ᠶᠢ ᠬᠢᠨᠠᠨ ᠬᠠᠷᠭᠤᠭᠤᠯᠬᠤ ᠴᠤᠩᠬᠤᠪᠴᠢ ᠭᠠᠷᠭᠠᠵᠤ᠂ ᠬᠢᠨᠠᠨ ᠬᠠᠷᠭᠤᠭᠤᠯᠤᠭᠠᠳ ᠲᠠᠮᠠᠭ᠎ᠠ ᠳᠠᠷᠤᠬᠤ ᠪᠠᠷ ᠢᠷᠡᠭᠰᠡᠨ ᠰᠤᠷᠤᠭᠴᠢᠳ ᠲᠤ ᠲᠤᠰᠬᠠᠶ ᠬᠥᠮᠦᠨ ᠲᠤᠰᠬᠠᠶ ᠲᠤᠬᠠᠶᠢᠯᠠᠭᠰᠠᠨ ᠠᠵᠢᠯ ᠢᠶᠠᠷ ᠬᠦᠢᠴᠡᠳᠭᠡᠪᠡ︔ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠡᠷᠦᠬᠡ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠲᠡᠭᠡᠲᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠤᠷᠤᠭᠴᠢ ᠨᠢᠭᠡᠪᠦᠷᠢ ᠶᠢ ᠬᠢᠨᠠᠨ ᠬᠠᠷᠭᠤᠭᠤᠯᠵᠤ᠂ ᠢᠯᠠᠩᠭᠤᠶ᠎ᠠ ᠰᠤᠷᠤᠭᠴᠢᠳ ᠤᠨ ᠦᠨᠳᠦᠰᠦᠲᠡᠨ᠂ ᠲᠥᠷᠥᠭᠰᠡᠨ ᠡᠳᠦᠷ ᠬᠤᠭᠤᠴᠠᠭ᠎ᠠ᠂ ᠲᠥᠷᠥᠭᠰᠡᠨ ᠭᠠᠵᠠᠷ᠂ ᠡᠷᠦᠬᠡ ᠠᠮᠠ ᠰᠢᠯᠵᠢᠭᠦᠯᠦᠭᠰᠡᠨ ᠲᠡᠮᠳᠡᠭᠯᠡᠯ᠂ ᠡᠴᠢᠭᠡ ᠡᠬᠡ ᠶᠢᠨ ᠬᠠᠮᠢᠶ᠎ᠠ ᠪᠦᠬᠦᠢ ᠪᠠᠶᠢᠳᠠᠯ ᠵᠡᠷᠭᠡ ᠮᠡᠳᠡᠭᠡ ᠵᠠᠩᠭᠢ ᠶᠢ ᠬᠢᠨᠠᠮᠠᠭᠠᠶ ᠬᠢᠨᠠᠨ ᠬᠠᠷᠭᠤᠭᠤᠯᠵᠤ᠂ ᠮᠡᠳᠡᠭᠡ ᠵᠠᠩᠭᠢ ᠶᠢᠨ ᠤᠨᠤᠪᠴᠢ ᠶᠢᠨ ᠬᠡᠮᠵᠢᠶ᠎ᠡ ᠶᠢ ᠦᠨᠡᠨ ᠬᠦ ᠪᠠᠲᠤᠯᠠᠪᠠ᠃      ᠬᠤᠶᠠᠷ ᠲᠤ ᠠᠵᠢᠯᠯᠠᠬᠤ ᠴᠠᠭ ᠢᠶᠠᠨ ᠠᠮᠢᠳᠤᠯᠢᠭ ᠢᠶᠠᠷ ᠲᠣᠬᠢᠷᠠᠭᠤᠯᠵᠤ᠂ ᠦᠢᠯᠡᠴᠢᠯᠡᠭᠡᠨ ᠤ ᠴᠠᠭ ᠢᠶᠠᠨ ᠤᠷᠳᠣᠳᠬᠠᠪᠠ᠃ ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠠᠷᠢᠮ ᠰᠢᠯᠭᠠᠭᠤᠯᠤᠭᠴᠢ ᠵᠥᠪᠬᠡᠨ ᠬᠤᠤᠰ ᠠᠮᠠᠷᠠᠯᠲᠠ ᠶᠢᠨ ᠡᠳᠦᠷ ᠢ ᠠᠰᠢᠭᠯᠠᠨ ᠡᠷᠦᠬᠡ ᠠᠮᠠ ᠶᠢᠨ ᠳᠠᠩᠰᠠ ᠶᠢᠨ ᠬᠢᠨᠠᠨ ᠪᠠᠶᠢᠴᠠᠭᠠᠯᠲᠠ ᠬᠢᠬᠦ ᠡᠨᠡ ᠬᠦ ᠣᠨᠴᠠᠭᠠᠢ ᠪᠠᠶᠢᠳᠠᠯ ᠢ ᠪᠣᠳᠣᠯᠬᠢᠯᠠᠭᠠᠳ᠂ ᠡᠷᠦᠬᠡ ᠠᠮᠠ ᠶᠢᠨ ᠳᠠᠩᠰᠠ ᠶᠢᠨ ᠴᠠᠭᠳᠠᠭ᠎ᠠ ᠰᠠᠨᠠᠭᠠᠴᠢᠯᠠᠭ᠎ᠠ ᠠᠴᠠ ᠪᠠᠨ ᠴᠠᠭ ᠨᠡᠮᠡᠵᠦ ᠠᠵᠢᠯᠯᠠᠨ᠂ ᠠᠵᠢᠯᠯᠠᠬᠤ ᠴᠠᠭ ᠢᠶᠠᠨ ᠤᠷᠲᠤᠳᠬᠠᠵᠤ᠂ ᠭᠠᠷᠠᠭ ᠤᠨ ᠰᠡᠭᠦᠯᠴᠢ ᠳᠤ ᠠᠮᠠᠷᠠᠬᠤ ᠦᠭᠡᠢ᠂ 14 ᠡᠳᠦᠷ ᠳᠠᠷᠠᠭᠠᠯᠠᠨ ᠰᠢᠯᠭᠠᠭᠤᠯᠤᠭᠴᠢ ᠳᠤ ᠦᠢᠯᠡᠴᠢᠯᠡᠭᠡ ᠬᠠᠩᠭᠠᠵᠤ᠂ ᠰᠢᠯᠭᠠᠭᠤᠯᠤᠭᠴᠢ ᠶᠢᠨ ᠬᠢᠨᠠᠨ ᠬᠠᠷᠭᠤᠭᠤᠯᠬᠤ ᠳᠤ ᠳᠥᠭᠦᠮ ᠦᠵᠡᠭᠦᠯᠪᠡ᠃      12 ᠰᠠᠷ᠎ᠠ ᠶᠢᠨ 1᠎ ᠤ ᠡᠳᠦᠷ ᠪᠣᠯᠲᠠᠯ᠎ᠠ᠂ ᠲᠡᠭᠡᠲᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠦᠬᠡ ᠠᠮᠠ ᠶᠢ ᠬᠢᠨᠠᠨ ᠬᠠᠷᠭᠤᠭᠤᠯᠬᠤ ᠴᠤᠩᠬᠤᠪᠴᠢ ᠳᠤ ᠨᠡᠶᠢᠲᠡ 463 ᠬᠥᠮᠥᠨ ᠡᠷᠦᠬᠡ ᠠᠮᠠ ᠶᠢᠨ ᠳᠠᠩᠰᠠ ᠶᠢ ᠬᠢᠨᠠᠨ ᠬᠠᠷᠭᠤᠭᠤᠯᠬᠤ ᠶᠢ ᠬᠦᠯᠢᠶᠡᠨ ᠠᠪᠴᠤ᠂ ᠬᠢᠨᠠᠨ ᠬᠠᠷᠭᠤᠭᠤᠯᠬᠤ ᠶᠠᠪᠤᠴᠠ ᠳᠤ 6 ᠬᠥᠮᠥᠨ ᠳᠠᠪᠬᠤᠷᠳᠠᠭᠰᠠᠨ ᠡᠷᠦᠬᠡ ᠠᠮᠠ ᠲᠠᠢ ᠪᠠᠶᠢᠵᠤ᠂ ᠦᠨᠳᠦᠰᠦᠲᠡᠨ ᠤ ᠢᠯᠭᠠᠯ ᠳᠤ 5 ᠬᠥᠮᠥᠨ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠵᠡᠢ᠂ ᠤᠳᠤ ᠨᠢᠭᠡᠨᠲᠡ ᠲᠡᠳᠡᠨ ᠤ ᠲᠠᠪᠬᠤᠷᠳᠠᠭᠰᠠᠨ ᠡᠷᠦᠬᠡ ᠪᠠᠨ ᠬᠠᠰᠣᠬᠤ ᠵᠢᠴᠢ ᠦᠨᠳᠦᠰᠦᠲᠡᠨ ᠢᠶᠠᠨ ᠬᠤᠪᠢᠷᠠᠭᠤᠯᠬᠤ ᠲᠤᠬᠠᠶᠢᠯᠠᠭᠰᠠᠨ ᠠᠵᠢᠯ ᠢᠶᠠᠨ ᠲᠦᠷᠭᠡᠬᠡᠨ ᠬᠦᠢᠴᠡᠳᠭᠡᠬᠦ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号