ᠬᠠᠶᠢᠷᠤᠪ ᠤᠨ ᠲᠣᠬᠤᠢ ᠲᠣᠭᠤᠷᠢᠭ ︽ᠲᠠᠪᠤᠨ ᠵᠢᠵᠢᠭ︾ ᠠᠵᠢᠯ ᠲᠥᠷᠥᠯ ᠤᠨ ᠬᠠᠮᠠᠭᠠᠯᠠᠯᠲᠠ ᠶᠢᠨ ᠠᠵᠢᠯᠯᠠᠭ᠎ᠠ ᠤᠨ ᠢᠯᠠᠯᠲᠠ ᠶᠢ ᠵᠠᠪᠠᠯ ᠣᠯᠣᠨ᠎ᠠ
ᠨᠡᠶᠢᠲᠡᠯᠡᠭᠰᠡᠨ ᠴᠠᠭ᠄
2019-12-03
     ᠬᠠᠶᠢᠷᠤᠪ ᠤᠨ ᠲᠣᠬᠤᠢ ᠲᠣᠭᠤᠷᠢᠭ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠨ ᠰᠤᠳᠤᠯᠤᠯᠲᠠ ᠥᠷᠨᠢᠭᠦᠯᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠠᠯᠢ ᠣᠯᠠᠨ ᠠᠷᠭ᠎ᠠ ᠬᠡᠮᠵᠢᠶ᠎ᠡ ᠠᠪᠴᠤ᠂ ᠵᠢᠵᠢᠭ ᠬᠤᠭᠤᠯᠠᠨ ᠭᠡᠷ᠂ ᠵᠢᠵᠢᠭ ᠢᠳᠡᠭᠡᠨ ᠤ ᠳᠡᠯᠭᠡᠭᠦᠷ᠂ ᠵᠢᠵᠢᠭ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠢᠴᠢ ᠲᠡᠭᠦᠨ ᠤ ᠡᠷᠭᠢᠨ ᠲᠣᠭᠤᠷᠢᠨ ᠳᠤ ᠭᠤᠤᠯᠳᠠᠯᠭ᠎ᠠ ᠲᠠᠢ ᠲᠥᠪᠯᠡᠷᠡᠭᠦᠯᠦᠨ ᠪᠠᠶᠢᠴᠠᠭᠠᠬᠤ ᠠᠵᠢᠯ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠰᠠᠬᠢᠨ ᠬᠠᠮᠠᠭᠠᠯᠠᠪᠠ᠃      ᠪᠠᠶᠢᠴᠠᠭᠠᠯᠲᠠ ᠶᠢᠨ ᠳᠤᠮᠳᠠ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠵᠢᠴᠢ ᠡᠵᠡᠩᠨᠡᠭᠴᠢ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠳᠤᠮᠳᠠᠬᠢ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠤᠡᠪᠤᠷᠢᠯᠡᠬᠦ ᠶᠢᠨ ᠬᠠᠮᠲᠤ ᠳᠣᠤᠷᠠᠬᠢ ᠬᠡᠳᠦᠨ ᠲᠠᠯ᠎ᠠ ᠳᠤ ᠴᠢᠭᠯᠡᠭᠦᠯᠦᠨ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠨᠢ ᠬᠤᠪᠢᠷᠠᠭᠰᠠᠨ᠂ ᠪᠣᠭᠤᠳᠠᠯ ᠨᠢ ᠡᠪᠳᠡᠷᠡᠭᠰᠡᠨ ᠢᠳᠡᠭᠡᠨ ᠢ ᠪᠣᠷᠣᠯᠠᠭᠤᠯᠵᠤ ᠪᠠᠶᠢᠬᠤ ᠡᠰᠡᠬᠦ ᠶᠢ ᠪᠠᠶᠢᠴᠠᠭᠠᠨ ᠦᠵᠡᠬᠦ ᠬᠡᠷᠡᠭᠲᠡᠶ᠃ ᠵᠢᠷᠤᠮᠵᠢᠭᠤᠯᠬᠤ ᠠᠷᠭ᠎ᠠ ᠵᠠᠮ ᠪᠠᠶᠢᠬᠤ ᠡᠰᠡᠬᠦ᠂ ᠪᠠᠷᠠᠭ᠎ᠠ ᠶᠢᠨ ᠭᠡᠷᠡᠴᠢ ᠪᠠᠷᠢᠮᠲᠠ ᠨᠢ ᠪᠦᠷᠢᠨ ᠭᠦᠢᠴᠠᠤᠡ ᠪᠠᠶᠢᠬᠤ ᠡᠰᠡᠬᠦ ᠶᠢ ᠪᠠᠶᠢᠴᠠᠭᠠᠨ ᠦᠵᠡᠨ᠎ᠡ᠃︽ᠭᠤᠷᠪᠠ ᠦᠭᠡᠢ︾ ᠤᠶᠢᠯᠡᠤᠡᠭᠦᠨ ᠪᠣᠷᠣᠯᠠᠭᠤᠯᠤᠭᠰᠠᠨ ᠡᠰᠡᠬᠦ᠂ ᠰᠤᠯᠠ ᠰᠠᠪᠠᠯᠠᠭᠰᠠᠨ ᠢᠳᠡᠭᠡᠨ ᠤ ᠲᠡᠮᠳᠡᠭ ᠤᠨ ᠲᠡᠮᠳᠡᠭ ᠨᠢ ᠵᠢᠷᠤᠮᠵᠢᠭᠰᠠᠨ ᠡᠰᠡᠬᠦ ᠶᠢ ᠪᠠᠶᠢᠴᠠᠭᠠᠨ ᠦᠵᠡᠬᠦ ᠬᠡᠷᠡᠭᠲᠡᠶ᠃ ᠦᠨ᠎ᠡ ᠬᠠᠩᠰᠢ ᠶᠢ ᠢᠯᠡ ᠬᠠᠳᠠᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠵᠦ ᠴᠢᠳᠠᠭᠰᠠᠨ ᠡᠰᠡᠬᠦ ᠶᠢ ᠪᠠᠶᠢᠴᠠᠭᠠᠨ ᠦᠵᠡᠬᠦ ᠬᠡᠷᠡᠭᠲᠡᠶ᠃ ᠡᠵᠡᠩᠨᠡᠯᠲᠡ ᠶᠢᠨ ᠦᠨᠡᠮᠯᠡᠯ ᠢ ᠨᠢ ᠪᠠᠶᠢᠴᠠᠭᠠᠨ ᠦᠵᠡᠬᠦ ᠳᠤ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠡᠰᠡᠬᠦ ᠵᠡᠷᠭᠡ ᠪᠣᠯᠤᠨ᠎ᠠ᠃     ᠪᠠᠶᠢᠴᠠᠭᠠᠬᠤ ᠠᠵᠢᠯᠲᠠᠨ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠳᠤ ᠬᠤᠯᠪᠣᠭᠳᠠᠭᠰᠠᠨ ᠬᠤᠳᠠᠯᠳᠤᠭᠠᠨ ᠤ ᠡᠷᠦᠬᠡ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠵᠦ᠂ ᠤᠶᠢᠯᠡᠤᠡᠪᠤᠷᠢᠯᠡᠭᠰᠡᠨ ᠡᠳᠦᠷ ᠬᠤᠭᠤᠴᠠᠭ᠎ᠠ ᠦᠭᠡᠢ ᠢᠳᠡᠭᠡᠨ᠂ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ ᠪᠠᠶᠢᠴᠠᠭᠠᠨ ᠪᠢᠲᠡᠭᠦᠮᠵᠢᠯᠡᠵᠦ ᠳᠠᠷᠤᠵᠤ ᠠᠪᠬᠤ ᠶᠢᠨ ᠬᠠᠮᠲᠤ ᠬᠤᠳᠠᠯᠳᠤᠭᠠᠨ ᠤ ᠡᠷᠦᠬᠡ ᠳᠤ ᠳᠡᠯᠭᠡᠭᠦᠷ ᠤᠨ ᠭᠠᠳᠠᠨ᠎ᠠ ᠠᠵᠢᠯᠯᠠᠬᠤ ᠶᠢ ᠵᠥᠪᠰᠢᠶᠡᠷᠡᠬᠦ ᠦᠭᠡᠢ ᠪᠠᠶᠢᠬᠤ ᠶᠢ ᠮᠡᠳᠡᠭᠳᠡᠵᠦ᠂ ᠠᠷᠢᠭᠤᠨ ᠴᠡᠪᠡᠷ ᠢ ᠬᠠᠮᠠᠭᠠᠯᠠᠭᠴᠢ ᠶᠢ ᠰᠢᠪᠠᠳᠠᠨ ᠵᠠᠬ᠎ᠠ ᠳᠡᠯᠭᠡᠭᠦᠷ ᠤᠨ ᠠᠷᠢᠭᠤᠨ ᠴᠡᠪᠡᠷ ᠢ ᠴᠠᠭ ᠲᠤᠬᠠᠶ ᠳᠤᠨᠢ ᠴᠡᠪᠡᠷᠯᠡᠨ ᠴᠡᠪᠡᠷᠯᠡᠭᠦᠯᠵᠦ ᠠᠷᠢᠭᠤᠨ ᠴᠡᠪᠡᠷ ᠢ ᠪᠠᠲᠤᠯᠠᠬᠤ ᠬᠡᠷᠡᠭᠲᠡᠶ᠃ ᠡᠷᠴᠢᠮ ᠢᠶᠠᠨ ᠴᠢᠩᠭᠠᠷᠠᠭᠤᠯᠤᠭᠰᠠᠨ ᠲᠤᠰᠬᠠᠶ ᠵᠤᠶᠢᠯ ᠤᠨ ᠪᠠᠶᠢᠴᠠᠭᠠᠯᠲᠠ ᠪᠠᠷ ᠳᠠᠮᠵᠢᠭᠤᠯᠤᠨ᠂ ᠡᠯ᠎ᠡ ᠡᠵᠡᠩᠨᠡᠯᠲᠡ ᠶᠢᠨ ᠡᠷᠦᠬᠡ ᠶᠢᠨ ᠢᠳᠡᠭᠡᠨ ᠤ ᠠᠶᠤᠯ ᠦᠭᠡᠢ ᠶᠢᠨ ᠦᠵᠡᠯ ᠤᠬᠠᠮᠰᠠᠷ ᠪᠣᠯᠤᠨ ᠬᠠᠤᠯᠢ ᠶᠢ ᠵᠢᠷᠤᠮᠯᠠᠨ ᠡᠵᠡᠩᠨᠡᠬᠦ ᠦᠵᠡᠯ ᠤᠬᠠᠮᠰᠠᠷ ᠤᠯᠠᠮ ᠨᠢᠭᠡ ᠠᠯᠬᠤᠮ ᠴᠢᠩᠭᠠᠷᠠᠪᠠ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠬᠤᠲᠠ ᠡᠭᠦᠳᠬᠦ ᠠᠵᠢᠯ ᠲᠠᠢ ᠤᠶᠠᠯᠳᠤᠭᠤᠯᠵᠤ᠂ ᠤᠶᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠰᠠᠭᠤᠭᠠᠯᠢ ᠠᠷᠠᠳ ᠲᠤ ᠲᠠᠭᠠᠯᠠᠮᠵᠢᠲᠠᠶ ᠠᠮᠤᠷ ᠲᠦᠪᠰᠢᠨ ᠣᠷᠴᠢᠨ ᠲᠣᠭᠤᠷᠢᠨ ᠬᠠᠩᠭᠠᠨ᠎ᠠ᠃  
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号