︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾᠎ ᠳᠤ ᠭᠠᠷ ᠤᠨ ᠦᠰᠦᠭ ᠵᠢᠷᠤᠵᠤ ᠪᠣᠯᠪᠠᠰᠤᠨ ᠢ ᠰᠠᠬᠢᠬᠤ ᠨᠡᠶᠢᠲᠡ ᠶᠢᠨ ᠭᠡᠷ᠎ᠡ
ᠨᠡᠶᠢᠲᠡᠯᠡᠭᠰᠡᠨ ᠴᠠᠭ᠄
2019/12/3
     ᠬᠤᠲᠠ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠤᠰ ᠎ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦ ᠨᠡᠮᠡᠷᠢᠯᠡᠬᠦ ᠶᠢᠨ ᠲᠥᠯᠥᠭᠡ᠂ ᠤᠶᠢᠷ᠎ᠠ ᠶᠢᠨ ᠡᠳᠦᠷ ᠤᠳ ᠲᠤ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ‌ᠬᠠᠤᠯᠢ ᠬᠡᠷᠡᠭᠵᠢᠭᠦᠯᠬᠦ ᠲᠣᠪᠴᠢᠶ᠎ᠠ ᠨᠠᠷᠢᠨ ᠵᠤᠶᠢᠯᠡᠰ ᠠᠴᠠ ᠭᠠᠷᠳᠠᠵᠤ᠂ ᠠᠯᠳᠠᠭ᠎ᠠ ᠳᠤᠲᠠᠭᠳᠠᠯ ᠢ ᠤᠯᠠᠮ ᠨᠢᠭᠡ ᠠᠯᠬᠤᠮ ᠪᠠᠶᠢᠴᠠᠭᠠᠨ ᠨᠥᠬᠦᠪᠥᠷᠢᠯᠡᠵᠦ᠂ ᠡᠭᠦᠳᠡᠨ ᠡᠮᠦᠨᠡᠬᠢ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠪᠠ ᠬᠡᠷᠡᠮ ᠳᠠᠪᠠᠭ᠋ᠤ ᠠᠵᠢᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ᠂ ᠬᠠᠶᠢᠷᠤᠪ ᠤᠨ ᠲᠣᠬᠤᠢ ᠲᠣᠭᠤᠷᠢᠭ ᠤᠨ8000 ᠰᠢᠬᠠᠮ ᠬᠤᠳᠠᠯᠳᠤᠭᠠᠨ ᠤ ᠡᠷᠦᠬᠡ ᠪᠦᠬᠦᠨ ᠢᠶᠠᠷ ᠢᠶᠠᠨ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ᠬᠠᠷᠢᠭᠤᠴᠠᠯᠭ᠎ᠠ ᠶᠢᠨ ᠪᠢᠴᠢᠭ ᠲᠤ ᠭᠠᠷ ‍ᠤᠨ‌ᠦᠰᠦᠭ ᠵᠢᠷᠤᠵᠤ ᠡᠭᠦᠳᠡᠨ‌ᠡᠮᠦᠨᠡᠬᠢ ︽ᠬᠠᠷᠢᠭᠤᠴᠠᠯᠭ᠎ᠠ ᠵᠢᠨ‌‍ᠲ᠋ᠠᠷᠢᠶ᠎ᠠ︾᠎ ᠶᠢ ᠰᠠᠶᠢᠲᠤᠷ ᠬᠠᠮᠢᠶᠠᠷᠤᠨ᠎ᠠ ᠭᠡᠵᠦ ᠠᠮᠠᠯᠳᠠᠪᠠ᠃        7ᠰᠠᠷ᠎ᠠ ᠶᠢᠨ17 ‍ᠦ‌ᠡᠳᠤᠷ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠠᠨ ᠭᠤᠸᠠᠨ‌ᠵᠡᠭᠡᠯᠢ ᠶᠢᠨ ᠳᠤᠮᠳᠠ ᠠᠩᠭᠢ᠂ ᠹᠧᠩ ᠬᠤᠸᠠᠩ ᠯᠢᠩ ᠳᠤᠮᠳᠠ ᠠᠩᠭᠢ᠂ ᠬᠠᠢ ᠪᠧ ᠳᠤᠮᠳᠠ ᠠᠩᠭᠢ᠂ ᠰᠢᠨ ᠬᠤᠸᠠ ᠳᠤᠮᠳᠠ ᠠᠩᠭᠢ ᠵᠡᠷᠭᠡ ᠬᠠᠮᠢᠶᠠᠷᠤᠯᠲᠠ ᠶᠢᠨ ᠢᠯᠲᠠᠰᠤ ᠶᠣᠰᠣᠭᠠᠷ ᠪᠦᠬᠦ ᠣᠷᠣᠨ ᠤ ᠡᠯ᠎ᠡ ᠵᠠᠮ ᠤᠨ ᠬᠡᠰᠡᠭ ᠵᠡᠭᠡᠯᠢ ᠳᠠᠭᠠᠤ ᠨᠢᠭᠡᠴᠡ᠂ ᠡᠭᠦᠳᠡᠨ ᠳᠡᠯᠭᠡᠭᠦᠷ ᠲᠤ ᠡᠷᠦᠬᠡ ᠳᠠᠷᠠᠭᠠᠯᠠᠨ ᠤᠬᠠᠭᠤᠯᠬᠤ᠂ ᠡᠭᠦᠳᠡᠨ ᠡᠮᠦᠨᠡᠬᠢ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠶᠢᠨ ᠬᠠᠮᠲᠤ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ ᠬᠠᠷᠢᠭᠤᠴᠠᠯᠭ᠎ᠠ ᠶᠢᠨ ᠫᠠᠶᠢᠰᠠ ᠶᠢ ᠵᠣᠬᠢᠶᠠᠵᠤ᠂ ᠨᠢᠭᠡᠳᠦᠯᠲᠡᠶ ᠥᠨᠳᠥᠷᠴᠡ᠂ ᠪᠠᠷᠢᠮᠵᠢᠶ᠎ᠠ ᠶᠣᠰᠣᠭᠠᠷ ᠵᠡᠭᠡᠯᠢ ᠳᠠᠭᠠᠤ ᠨᠢᠭᠡᠴᠡ᠂ ᠡᠭᠦᠳᠡᠨ ᠳᠡᠯᠭᠡᠭᠦᠷ ᠤᠨ ᠬᠡᠷᠡᠮ ᠳᠡᠭᠡᠷ᠎ᠡ ᠡᠯᠭᠦᠵᠦ᠂ ᠬᠡᠷᠡᠮ ᠳᠡᠭᠡᠷ᠎ᠡ ᠢᠯᠡ ᠨᠡᠶᠢᠲᠡᠯᠡᠬᠦ ᠬᠡᠷᠡᠭᠲᠡᠶ᠃      ᠲᠣᠰ ᠤᠳᠠᠭ᠎ᠠ ᠭᠠᠷ ‍ᠤᠨ‌ᠦᠰᠦᠭ ᠵᠢᠷᠤᠭᠰᠠᠨ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ ᠬᠠᠷᠢᠭᠤᠴᠠᠯᠭ᠎ᠠ ᠶᠢᠨ ᠪᠢᠴᠢᠭ ᠤᠨ ᠭᠤᠤᠯ ᠠᠭᠤᠯᠭ᠎ᠠ ᠪᠣᠯ ᠡᠭᠦᠳᠡᠨ ᠡᠮᠦᠨᠡᠬᠢ ᠬᠤᠲᠠ ᠶᠢᠨ ᠳᠦᠷᠢ ᠲᠥᠷᠬᠦ ᠶᠢᠨ ᠡᠮᠬᠢ ᠳᠢᠭᠯᠢᠮ ᠢ ᠲᠠᠭᠠᠭᠠᠴᠢᠯᠠᠬᠤ᠂ ᠡᠭᠦᠳᠡᠨ ᠡᠮᠦᠨᠡᠬᠢ ᠠᠷᠢᠭᠤᠨ ᠴᠡᠪᠡᠷ ᠴᠡᠪᠡᠷ ᠲᠡᠭᠰᠢ ᠢ ᠲᠠᠭᠠᠭᠠᠴᠢᠯᠠᠬᠤ ᠪᠠ ᠡᠭᠦᠳᠡᠨ ᠡᠮᠦᠨᠡᠬᠢ ᠨᠣᠭᠤᠭᠠᠷᠠᠭᠤᠯᠤᠯᠲᠠ ᠭᠤᠶᠤ ᠰᠠᠶᠢᠬᠠᠨ ᠪᠠᠶᠢᠬᠤ ᠶᠢ ᠲᠠᠭᠠᠭᠠᠴᠢᠯᠠᠬᠤ ᠵᠡᠷᠭᠡ ᠪᠠᠭᠲᠠᠭᠠᠨ᠎ᠠ᠃ ᠬᠠᠤᠯᠢ ᠬᠡᠷᠡᠭᠵᠢᠭᠦᠯᠬᠦ ᠭᠡᠰᠢᠭᠦᠳ‌ᠬᠤᠯᠪᠣᠭᠳᠠᠯ ᠪᠦᠬᠦᠢ ᠬᠤᠲᠠ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ᠭᠤᠤᠯ ᠪᠠ ᠳᠡᠳ᠋ ᠵᠠᠮ ᠳᠡᠭᠡᠷ᠎ᠡ ᠡᠭᠦᠳᠡ ᠴᠣᠩᠬᠤ ᠠᠴᠠ ᠬᠡᠲᠤᠷᠡᠭᠰᠡᠨ᠂ ᠭᠠᠳᠠᠷ ᠬᠡᠷᠡᠮ ᠠᠴᠠ ᠭᠠᠷᠤᠭᠰᠠᠨ ᠵᠢᠴᠢ ᠣᠯᠠᠨ ᠨᠡᠶᠢᠲᠡ ᠶᠢᠨ ᠲᠠᠯᠠᠪᠤᠷ ᠲᠤ ᠭᠠᠷᠴᠤ ᠬᠤᠪᠢ ᠪᠡᠶ᠎ᠡ ᠢᠶᠠᠷ ᠢᠶᠠᠨ ᠳᠡᠯᠭᠡᠭᠦᠷ ᠭᠠᠷᠭᠠᠭᠰᠠᠨ ᠪᠠᠶᠢᠪᠠᠯ᠂ ᠴᠥᠮ ᠳᠡᠯᠭᠡᠭᠦᠷ ᠠᠴᠠ ᠭᠠᠳᠠᠨ᠎ᠠ ᠡᠵᠡᠩᠨᠡᠵᠦ ᠪᠠᠶᠢᠭ᠎ᠠ ᠪᠠ ᠵᠠᠮ ᠡᠵᠡᠯᠡᠨ ᠡᠵᠡᠩᠨᠡᠵᠦ ᠪᠠᠶᠢᠭ᠎ᠠ ᠪᠠᠶᠢᠳᠠᠯ ᠭᠡᠵᠤ ᠦᠵᠡᠵᠦ ᠰᠤᠷᠭᠠᠨ ᠬᠥᠮᠦᠵᠢᠭᠦᠯᠬᠦ ᠪᠠ ᠬᠠᠮᠢᠶᠠᠷᠤᠯᠲᠠ ᠬᠢᠨ᠎ᠡ᠂ ᠡᠵᠡᠩᠨᠡᠵᠦ ᠪᠠᠶᠢᠭ᠎ᠠ ᠥᠮᠴᠢᠲᠡᠨ ᠢ ᠰᠢᠮᠳᠠᠭᠤᠯᠵᠤ ᠪᠠᠶᠢᠭᠠᠳ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠬᠤ ᠬᠡᠷᠡᠭᠲᠡᠶ᠃ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ ᠡᠴᠠ‌ᠵᠥ᠋ᠷᠢᠴᠡᠭᠰᠡᠨ ᠪᠥᠭᠡᠳ ᠣᠯᠠᠨ ᠤᠳᠠᠭ᠎ᠠ ᠢᠳᠬᠠᠨ ᠰᠤᠷᠭᠠᠵᠤ ᠬᠥᠮᠦᠵᠢᠭᠦᠯᠦᠭᠰᠡᠨ ᠪᠣᠯᠪᠠᠴᠤ ᠮᠥᠨ ᠬᠦ ᠬᠦᠴᠦᠨ ᠦᠭᠡᠢ ᠪᠠᠶᠢᠪᠠᠯ᠂ ︽ᠦᠬᠠᠶ ᠬᠤᠲᠠ ᠶᠢᠨ ᠬᠤᠲᠠ ᠶᠢᠨ ᠦᠵᠡᠮᠵᠢ ᠪᠣᠯᠤᠨ ᠤᠷᠴᠢᠨ ᠲᠤᠭᠤᠷᠢᠨ ᠡᠷᠡᠭᠦᠯ ᠬᠠᠮᠠᠭᠠᠯᠠᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠤᠶᠢᠤᠡᠭᠡᠨ ᠲᠣᠷᠭᠠᠬᠤ ᠲᠣᠭᠲᠠᠭᠠᠯ︾᠎ ᠢ ᠦᠨᠳᠦᠰᠦᠯᠡᠨ᠂ ᠲᠤᠬᠠᠢ ᠶᠢᠨ ᠬᠥᠮᠦᠨ ᠢ ᠵᠠᠷᠯᠢᠭᠳᠠᠵᠤ ᠪᠠᠶᠢᠭᠠᠳ‌ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠦᠭᠰᠡᠨ ᠰᠠᠭᠤᠷᠢᠨ ᠳᠡᠭᠡᠷ᠎ᠡ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠤᠡᠪᠤᠷᠢᠯᠡᠬᠦ ᠬᠡᠷᠡᠭᠲᠡᠶ᠃        ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠡᠭᠡᠯᠢ ᠶᠢᠨ ᠳᠤᠮᠳᠠ ᠠᠩᠭᠢ ᠶᠢᠨ ᠳᠠᠷᠤᠭ᠎ᠠ ᠸᠠᠩ ᠵᠢᠩ᠄ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠷᠢᠮᠵᠢᠶ᠎ᠠ ᠲᠠᠢ ᠬᠠᠷᠢᠴᠠᠭᠤᠯᠤᠨ ︿ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ﹀ ᠬᠠᠷᠢᠭᠤᠴᠠᠯᠭ᠎ᠠ ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠬᠤ᠂ ᠡᠭᠦᠪᠡᠷ ᠬᠤᠲᠠ ᠶᠢᠨ ᠠᠷᠠᠳ ᠤᠨ ᠬᠤᠲᠠ ᠶᠢᠨ ᠬᠠᠮᠢᠶᠠᠷᠤᠯᠲᠠ ᠳᠤ ᠣᠷᠣᠯᠴᠠᠬᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠣᠷᠣᠯᠴᠠᠬᠤ ᠢᠳᠡᠪᠬᠢᠵᠢᠯ ᠪᠣᠯᠤᠨ ᠬᠠᠷᠢᠭᠤᠴᠠᠯᠭᠠᠲᠤ ᠰᠡᠳᠬᠢᠯᠭᠡ ᠶᠢ ᠰᠡᠷᠭᠦᠭᠡᠬᠦ ᠶᠢᠨ ᠬᠠᠮᠲᠤ᠂ ᠡᠭᠦᠨ ᠢᠶᠠᠷ ᠳᠠᠮᠵᠢᠨ ︿ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ﹀᠎ ᠢᠶᠠᠨ ᠬᠤᠳᠠᠯᠳᠤᠭᠠᠴᠢᠨ᠂ ᠳᠡᠯᠭᠡᠭᠦᠷ᠂ ᠵᠣᠴᠢᠳ ᠤᠨ ᠨᠢᠭᠡ ᠵᠤᠶᠢᠯ ᠤᠨ ᠪᠠᠶᠢᠩᠭᠤ ᠶᠢᠨ᠂ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠦᠬᠦ ᠬᠤᠲᠠ ᠶᠢᠨ ᠬᠤᠲᠠ ᠶᠢᠨ ᠳᠦᠷᠢ ᠲᠥᠷᠬᠦ ᠶᠢᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠠᠵᠢᠯ ᠶᠢᠨ ᠥᠷᠨᠢᠯᠲᠡ ᠶᠢ ᠳᠠᠶᠢᠴᠢᠯᠠᠬᠤ ᠶᠢ ᠬᠦᠰᠡᠪᠡ᠃》
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号