ᠬᠠᠶᠢᠷᠤᠪ ᠤᠨ ᠲᠣᠬᠤᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠰᠢᠯᠦᠭ ᠳᠠᠭᠤᠯᠠᠯ ᠤᠷᠠᠨ ᠪᠢᠴᠢᠯᠭᠡ ᠵᠢᠷᠤᠭ ᠤᠨ ᠦᠵᠡᠰᠬᠦᠯᠡᠩ ᠵᠢᠩᠬᠢᠨᠢ ᠪᠠᠷ ᠦᠷᠨᠢᠭᠦᠯᠪᠡ
ᠨᠡᠶᠢᠲᠡᠯᠡᠭᠰᠡᠨ ᠴᠠᠭ᠄
2019-12-03
     ᠪᠠᠳᠠᠷᠠᠭᠰᠠᠨ ᠴᠠᠭ ᠦᠶ᠎ᠡ ᠳᠤ᠂ ᠰᠠᠶᠢᠬᠠᠨ ᠦᠨᠦᠷ ᠬᠠᠩᠬᠤᠯᠤᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠭᠤᠤᠯᠯᠠᠨ ᠡᠷᠬᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠤᠷᠠᠨ ᠪᠢᠴᠢᠯᠭᠡᠲᠡᠨ ᠤ ᠨᠡᠶᠢᠭᠡᠮᠯᠢᠭ᠂ ᠬᠠᠶᠢᠷᠤᠪ ᠤᠨ ᠲᠣᠬᠤᠢ ᠲᠣᠭᠤᠷᠢᠭ ᠤᠨ ᠵᠣᠬᠢᠶᠠᠯᠴᠢᠳ ᠤᠨ ᠨᠡᠶᠢᠭᠡᠮᠯᠢᠭ᠂ ᠣᠳᠣ ᠦᠶ᠎ᠡ ᠶᠢᠨ ᠳᠤᠮᠳᠠᠳᠤ ᠤᠯᠤᠰ ᠤᠨ ᠤᠷᠠᠨ ᠵᠢᠷᠤᠭ ᠤᠨ ᠲᠢᠩᠬᠢᠮ ᠤᠨ ᠬᠠᠮᠵᠢᠯᠴᠠᠨ ᠡᠷᠬᠢᠯᠡᠭᠰᠡᠨ︽ᠪᠢᠴᠢᠭ ᠤᠨ ᠪᠡᠭᠡ ᠦᠵᠡᠰᠭᠦᠯᠡᠩ‌ᠵᠢᠷᠤᠭ ︵翰墨丹青︶᠎ ᠢᠶᠠᠷ ᠡᠬᠡ‌ᠤᠯᠤᠰ ᠢᠶᠠᠨ ᠮᠠᠭᠲᠠᠨ ᠳᠠᠭᠤᠯᠠᠶ᠎ᠠ — ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠣᠢ ᠶᠢ ᠪᠡᠯᠭᠡᠯᠡᠬᠦ ᠵᠢᠴᠢ ᠬᠠᠶᠢᠷᠤᠪ ᠤᠨ ᠲᠣᠬᠤᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠰᠢᠯᠦᠭ ᠳᠠᠭᠤᠯᠠᠯ ᠤᠷᠠᠨ‌‍ᠪᠢᠴᠢᠯᠭᠡ ᠵᠢᠷᠤᠭ ᠤᠨ ᠦᠵᠡᠰᠬᠦᠯᠡᠩ︾᠎ ᠢ ᠣᠳᠣ ᠦᠶ᠎ᠡ ᠶᠢᠨ ᠳᠤᠮᠳᠠᠳᠤ ᠤᠯᠤᠰ ᠤᠨ ᠤᠷᠠᠨ ᠵᠢᠷᠤᠭ ᠤᠨ ᠲᠢᠩᠬᠢᠮ ᠳᠤ ᠵᠢᠩᠬᠢᠨᠢ ᠪᠠᠷ ᠥᠷᠨᠢᠭᠦᠯᠪᠡ᠃     ᠲᠣᠰ ᠤᠳᠠᠭᠠᠨ ᠤ ᠳᠡᠯᠭᠡᠨ ᠦᠵᠡᠭᠦᠯᠦᠯᠭᠡ ᠶᠢ ᠬᠤᠶᠠᠷ ᠰᠠᠷ᠎ᠠ ᠪᠡᠯᠡᠳᠬᠡᠵᠦ᠂ ᠨᠡᠶᠢᠲᠡ 562 ᠪᠦᠲᠦᠭᠡᠯ ᠬᠤᠷᠢᠶᠠᠨ ᠠᠪᠴᠤ᠂ ᠳᠤᠮᠳᠠ ᠠᠴᠠ ᠨᠢ 100 ᠭᠠᠷᠤᠶ ᠰᠢᠯᠢᠳᠡᠭ ᠪᠦᠲᠦᠭᠡᠯ ᠰᠣᠩᠭᠤᠨ ᠭᠠᠷᠭᠠᠪᠠ᠂ ᠪᠦᠲᠦᠭᠡᠯ ᠨᠢ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠵᠡᠷᠭᠡ ᠪᠣᠶ᠂ ᠵᠣᠬᠢᠶᠠᠭᠴᠢ ᠨᠢ ᠨᠠᠰᠤ ᠠᠬᠢᠭᠰᠠᠨ ᠠᠬᠠᠮᠠᠳ ᠨᠥᠬᠦᠳ ᠪᠣᠶ᠂ ᠨᠣᠮ ᠪᠢᠴᠢᠭ ᠤᠩᠰᠢᠬᠤ ᠪᠠᠭᠠᠴᠤᠳ ᠪᠣᠶ᠂ ᠰᠤᠷᠭᠠᠨ ᠬᠥᠮᠦᠵᠢᠯ ᠤᠨ ᠠᠵᠢᠯ ᠬᠢᠵᠦ ᠪᠠᠶᠢᠭ᠎ᠠ ᠠᠷᠠᠳ ᠤᠨ ᠪᠠᠭᠰᠢ ᠪᠣᠶ᠃ ᠲᠡᠳᠡ ᠡᠬᠡ ᠤᠯᠤᠰ ᠲᠠᠭᠠᠨ ᠦᠨᠡᠨᠴᠢ ᠰᠡᠳᠬᠢᠯ ᠢᠶᠠᠷ ᠬᠠᠨᠳᠤᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠮᠢᠳᠤ ᠳᠦᠷᠰᠦᠯᠢᠭ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠭᠰᠡᠨ ᠶᠤᠮ᠃    70 ᠵᠢᠯ ᠤᠨ ᠲᠤᠷᠰᠢᠬᠢ ᠰᠢᠨ᠎ᠡ ᠳᠤᠮᠳᠠᠳᠤ ᠤᠯᠤᠰ ᠤᠨ ᠠᠭᠤᠤ ᠶᠡᠭᠡ ᠲᠡᠤᠬᠡᠨ ᠶᠠᠪᠤᠴᠠ ᠶᠢ ᠡᠷᠭᠢᠴᠡᠭᠦᠯᠬᠦᠶ᠎ᠡ᠂ ᠦᠬᠠᠶ ᠶᠢᠨ ᠠᠮᠢ ᠠᠬᠤᠢ ᠶᠢᠨ ᠭᠤᠸ᠎ᠠ ᠰᠠᠶᠢᠬᠠᠨ᠂ ᠰᠣᠶᠣᠯ ᠢᠷᠭᠡᠨᠰᠢᠯ ᠤᠨ ᠭᠤᠸ᠎ᠠ ᠰᠠᠶᠢᠬᠠᠨ᠂ ᠬᠥᠭᠵᠢᠯᠲᠡ ᠶᠢᠨ ᠭᠤᠸ᠎ᠠ ᠰᠠᠶᠢᠬᠠᠨ ᠢ ᠲᠦᠷᠰᠦᠯᠢᠭ ᠢᠶᠠᠷ ᠢᠯᠡᠷᠡᠭᠦᠯᠵᠦ᠂ ᠬᠠᠶᠢᠷᠤᠪ ᠤᠨ ᠲᠤᠬᠤᠢ ᠲᠤᠭᠤᠷᠢᠭ ᠤᠨ ᠬᠥᠭᠵᠢᠯᠲᠡ ᠶᠢᠨ ᠦᠷ᠎ᠡ ᠪᠦᠲᠦᠭᠡᠯ ᠪᠣᠯᠤᠨ ᠭᠡᠷᠡᠯ ᠰᠠᠴᠤᠷᠠᠩᠭᠤᠶ ᠠᠮᠵᠢᠯᠲᠠ ᠶᠢ ᠤᠶᠢᠷ᠎ᠠ ᠵᠠᠶ ᠠᠴᠠ ᠣᠶᠢᠯᠠᠭᠠᠪᠠ᠃      ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠤᠷᠠᠯᠢᠭ ᠤᠨ ᠪᠦᠲᠦᠭᠡᠯ ᠨᠢ ᠨᠠᠮ ᠤᠨ ᠠᠴᠢ ᠬᠤᠯᠪᠣᠭᠳᠠᠯ᠂ ᠠᠭᠤᠣ ᠶᠡᠭᠡ ᠡᠬᠡ ᠤᠯᠤᠰ ᠤᠨ ᠬᠠᠶᠢᠷ᠎ᠠ‌ᠬᠠᠯᠠᠮᠵᠢ᠂ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠭᠦᠢᠴᠠᠤᠡ ᠪᠠᠳᠠᠷᠠᠭᠤᠯᠵᠤ᠂ ᠪᠦᠲᠦᠭᠡᠯ ᠨᠢᠭᠡᠪᠦᠷᠢ ᠨᠢ ᠴᠥᠮ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠬᠦᠴᠦᠨ ᠴᠢᠳᠠᠯ ᠢ ᠨᠢᠭᠲᠠᠷᠠᠭᠤᠯᠵᠤ᠂ ᠬᠥᠮᠦᠰ ᠤᠨ ᠠᠷᠠᠳ ᠲᠦᠮᠡᠨ ᠢᠶᠠᠨ ᠬᠠᠶᠢᠷᠠᠯᠠᠬᠤ᠂ ᠠᠷᠠᠤᠡ ᠲᠦᠮᠡᠨ‌‍ᠢᠶ᠋ᠡᠨ ᠬᠠᠶᠢᠷᠠᠯᠠᠬᠤ᠂ᠠᠵᠢᠯ ᠤᠶᠢᠯᠡᠰ ᠢᠶᠠᠨ ᠬᠠᠶᠢᠷᠠᠯᠠᠬᠤ ᠰᠠᠶᠢᠨ ᠰᠠᠶᠢᠬᠠᠨ ᠬᠠᠶᠢᠷ᠎ᠠ ᠰᠡᠳᠬᠢᠯᠭᠡ ᠶᠢ ᠬᠥᠭᠵᠢᠭᠡᠵᠦ ᠪᠠᠶᠢᠨ᠎ᠠ᠃    ᠦᠵᠡᠭᠦᠯᠦᠯᠭᠡ ᠶᠢᠨ ᠴᠠᠭ᠄ 2019 ᠤᠨ ᠤ  9 ᠳ᠋ᠦᠭᠡᠷ ᠰᠠᠷ᠎ᠠ ᠶᠢᠨ 27᠎ ᠤ ᠡᠳᠦᠷ — 2019 ᠤᠨ ᠤ 10 ᠳ᠋ᠤᠭᠠᠷ ᠰᠠᠷ᠎ᠠ ᠶᠢᠨ ᠳᠤᠮᠳᠠᠴᠢ    ᠦᠵᠡᠭᠦᠯᠦᠯᠭᠡ ᠶᠢᠨ ᠭᠠᠵᠠᠷ᠄ ᠣᠳᠣ ᠦᠶ᠎ᠡ ᠶᠢᠨ ᠳᠤᠮᠳᠠᠳᠤ ᠤᠯᠤᠰ ᠎ ᠤᠨ ᠤᠷᠠᠨ ᠰᠠᠶᠢᠬᠠᠨ ᠤ ᠣᠷᠳᠣᠨ   4006   ᠦᠵᠡᠭᠦᠯᠦᠯᠭᠡ ᠶᠢᠨ ᠲᠢᠩᠬᠢᠮ
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号