ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠬᠤᠶᠠᠳᠤᠭᠠᠷ ᠨᠢᠯᠬ᠎ᠠ ᠬᠡᠤᠬᠡᠳ ᠤᠨ ᠶᠡᠷᠦᠩᠬᠡᠶᠢᠯᠡᠭᠰᠡᠨ  ᠠᠰᠠᠷ ᠤᠨ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠨ᠎ᠠ
ᠨᠡᠶᠢᠲᠡᠯᠡᠭᠰᠡᠨ ᠴᠠᠭ᠄
2019-12-03
     ᠣᠶᠢᠷ᠎ᠠ ᠳᠤ᠂ ᠰᠢᠨ᠎ᠡ ᠪᠠᠷ ᠪᠠᠶᠢᠭᠤᠯᠵᠤ ᠪᠠᠶᠢᠭ᠎ᠠ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠭᠡᠷ ᠳᠣᠲᠣᠷᠠᠬᠢ ᠵᠠᠰᠠᠯ ᠴᠢᠮᠡᠭᠯᠡᠯ ᠤᠨ ᠱᠠᠲᠤᠨ ᠳᠤ ᠣᠷᠣᠪᠠ᠂ ᠣᠳᠣᠬᠠᠨ ᠳᠤ᠂ ᠡᠯ᠎ᠡ ᠵᠦᠢᠯ ᠤᠨ ᠪᠠᠷᠢᠯᠭ᠎ᠠ ᠶᠢᠨ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ᠂ ᠵᠢᠱᠢᠯᠲᠡ ᠪᠠᠷ ᠢᠷᠡᠬᠦ ᠵᠢᠯ ᠠᠰᠢᠭᠯᠠᠯᠲᠠ ᠳᠤ ᠣᠷᠣᠬᠤ ᠪᠣᠯᠤᠨ᠎ᠠ᠃ ᠴᠠᠭ ᠠᠭᠤᠷ ᠠᠭᠠᠵᠢᠮ ᠢᠶᠠᠷ ᠬᠦᠢᠳᠡᠷᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠪᠠᠷᠢᠯᠭ᠎ᠠ ᠶᠢᠨ ᠠᠬᠤᠶ ᠲᠠᠯᠠᠪᠠᠢ ᠬᠠᠷᠢᠨ ᠪᠦᠲᠦᠭᠡᠨ ᠪᠠᠶᠢᠭᠤᠯᠤᠯᠲᠠ ᠶᠢᠨ ᠶᠠᠭᠠᠷᠠᠤ ᠪᠠᠶᠢᠳᠠᠯ ᠲᠠᠢ ᠪᠠᠶᠢᠯ᠎ᠠ᠃ ᠠᠵᠢᠯᠴᠢᠳ ᠤᠰᠤ᠂ ᠴᠠᠬᠢᠯᠭᠠᠨ᠂ ᠳᠤᠯᠠᠭᠠᠯᠠᠭ᠎ᠠ ᠂ ᠭᠠᠯ ᠤᠨᠲᠠᠷᠠᠭᠠᠬᠤ ᠬᠡᠷᠡᠭᠰᠡᠯ ᠵᠡᠷᠭᠡ ᠰᠠᠭᠤᠷᠢ ᠲᠥᠬᠦᠭᠡᠷᠦᠮᠵᠢ ᠶᠢ ᠤᠭᠰᠠᠷᠠᠵᠤ ᠲᠤᠷᠰᠢᠨ ᠬᠡᠷᠡᠭᠯᠡᠬᠦ ᠪᠠᠷ ᠶᠠᠭᠠᠷᠠᠯᠳᠤᠵᠤ ᠪᠠᠶᠢᠨ᠎ᠠ᠃      ︽ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠲᠥᠷᠥᠯ ᠵᠦᠢᠯ ᠢ ᠡᠨᠡ ᠵᠢᠯ ᠤᠨ 5 ᠰᠠᠷ᠎ᠠ ᠳᠤ ᠠᠵᠢᠯ ᠡᠬᠢᠯᠡᠭᠦᠯᠵᠦ᠂ 9 ᠰᠠᠷ᠎ᠠ ᠶᠢᠨ 10᠎ ᠤ ᠡᠳᠦᠷ ᠭᠤᠤᠯ ᠴᠣᠭᠴᠠ ᠶᠢᠨ ᠰᠢᠯᠭᠠᠨ ᠬᠤᠷᠢᠶᠠᠯᠲᠠ ᠶᠢ ᠪᠡᠶᠡᠯᠡᠭᠦᠯᠵᠦ᠂ ᠣᠳᠣ ᠶᠠᠭ ᠬᠤᠶᠠᠳᠠᠬᠢ ᠤᠳᠠᠭ᠎ᠠ ᠵᠠᠰᠠᠵᠤ ᠴᠢᠮᠡᠭᠯᠡᠬᠦ ᠠᠵᠢᠯ ᠢ ᠬᠢᠵᠦ ᠪᠠᠶᠢᠨ᠎ᠠ᠃ ᠪᠠᠷᠢᠯᠭ᠎ᠠ ᠶᠢᠨ ᠶᠠᠰᠤ ᠴᠢᠨᠠᠷ ᠪᠣᠯᠤᠨ ᠠᠶᠤᠯ ᠦᠭᠡᠢ ᠶᠢ ᠪᠠᠲᠤᠯᠠᠭᠰᠠᠨ ᠤᠷᠢᠲᠠᠯ ᠳᠣᠤᠷ᠎ᠠ᠂ ᠪᠢᠳᠡ ᠪᠠᠷᠢᠯᠭ᠎ᠠ ᠶᠢᠨ ᠠᠵᠢᠯ ᠤᠨ ᠳᠡᠰ ᠳᠠᠷᠠᠭᠠᠯᠠᠯ ᠢ ᠪᠠᠲᠤᠯᠠᠵᠤ᠂ ᠪᠠᠷᠢᠯᠭ᠎ᠠ ᠶᠢᠨ ᠠᠵᠢᠯ ᠤᠨ ᠠᠬᠢᠴᠠ ᠶᠢ ᠦᠨᠡᠨᠬᠦ ᠪᠠᠲᠤᠯᠠᠵᠤ᠂ ᠲᠥᠷᠥᠯ ᠵᠦᠢᠯ ᠢ ᠢᠷᠡᠬᠦ ᠵᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ︾ ᠭᠡᠵᠦ ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠬᠠᠷᠢᠭᠤᠴᠠᠯᠭᠠᠲᠠᠨ᠂ ᠥᠪᠥᠷ ᠮᠣᠩᠭᠤᠯ ᠤᠨ ᠴᠠᠩ ᠴᠧᠩ ᠪᠠᠷᠢᠯᠭ᠎ᠠ ᠤᠭᠰᠠᠷᠠᠬᠤ ᠺᠣᠮᠫᠠᠨᠢ ᠶᠢᠨ ᠠᠵᠢᠯᠲᠠᠨ ᠳ᠋ᠦ᠋ ᠪᠦᠦ ᠢᠦᠶ ᠬᠡᠯᠡᠪᠡ᠃      ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠨᠢ ᠪᠢᠨ ᠾᠧ ᠲᠣᠭᠤᠷᠢᠭ ᠤᠨ ᠵᠢᠶᠦ᠋ᠨ ᠵᠧᠩ ᠵᠡᠭᠡᠯᠢ ᠶᠢᠨ ᠬᠤᠶᠢᠲᠤ ᠬᠡᠰᠡᠭ ᠲᠤ ᠪᠠᠶᠢᠷᠢᠯᠠᠵᠤ᠂ 11000 ᠲᠡᠭᠰᠢ ᠳᠥᠷᠪᠡᠯᠵᠢᠨ ᠮᠧᠳ᠋ᠷ ᠰᠢᠬᠠᠮ ᠭᠠᠵᠠᠷ ᠡᠵᠡᠯᠡᠵᠦ᠂ ᠨᠡᠶᠢᠲᠡ 4 ᠳᠠᠪᠬᠤᠷ᠂ ᠰᠤᠷᠭᠠᠭᠤᠯᠢ ᠡᠷᠬᠢᠯᠡᠬᠦ ᠬᠡᠪᠴᠢᠶ᠎ᠡ ᠨᠢ 15 ᠵᠢᠭᠠᠨ ᠰᠤᠷᠭᠠᠯᠲᠠ ᠶᠢᠨ ᠠᠩᠭᠢ᠂ ᠵᠢᠱᠢᠯᠲᠡ ᠪᠠᠷ 4000 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠰᠢᠨ ᠶᠤᠸᠠᠢ ᠶᠢᠩ ᠤᠨ ᠲᠠᠨᠢᠯᠴᠠᠭᠤᠯᠤᠭᠰᠠᠨ ᠢᠶᠠᠷ᠂ ᠪᠢᠨ ᠾᠧ ᠲᠣᠭᠤᠷᠢᠭ ᠲᠤ ᠣᠳᠣ 450 ᠬᠡᠦᠭᠡᠳ ᠤᠨ ᠣᠷᠣ ᠲᠠᠢ ᠬᠠᠶᠢᠷᠤᠪ ᠤᠨ ᠲᠣᠬᠤᠢ ᠲᠣᠭᠤᠷᠢᠭ ᠤᠨ ᠨᠠᠶᠢᠮᠠᠳᠤᠭᠠᠷ ᠬᠡᠤᠬᠡᠳ ᠤᠨ ᠴᠡᠴᠡᠷᠯᠢᠭ ᠪᠤᠢ᠂ ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠠᠰᠠ 450 ᠬᠡᠦᠬᠡᠳ ᠤᠨ ᠣᠷᠣ ᠬᠠᠩᠭᠠᠵᠤ᠂ ᠪᠢᠨ ᠾᠧ ᠲᠣᠭᠤᠷᠢᠭ ᠤᠨ ᠬᠡᠤᠬᠡᠳ ᠤᠨ ᠴᠡᠴᠡᠷᠯᠢᠭ ᠲᠤ ᠣᠷᠣᠬᠤ ᠠᠰᠠᠭᠤᠳᠠᠯ ᠢ ᠨᠡᠯᠢᠶᠡᠳ ᠶᠡᠭᠡ ᠬᠡᠮᠵᠢᠶ᠎ᠡ ᠪᠠᠷ ᠰᠢᠢᠳᠪᠦᠷᠢᠯᠡᠬᠦ ᠪᠤᠯᠤᠨ᠎ᠠ᠃      ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠶᠣᠰᠣᠭᠠᠷ᠂ 2017 ᠣᠨ ᠠᠴᠠ 2020 ᠣᠨ ᠪᠣᠯᠲᠠᠯ᠎ᠠ᠂ ᠬᠠᠶᠢᠷᠤᠪ ᠤᠨ ᠲᠣᠬᠤᠢ ᠲᠣᠭᠤᠷᠢᠭ ᠲᠤ 10 ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠤᠢ᠃ ᠡᠭᠦᠨ ᠳᠤ᠂ ᠰᠢᠨ ᠲᠢᠶᠠᠨ ᠳ᠋ᠢ ᠬᠡᠤᠬᠡᠳ ᠤᠨ ᠴᠡᠴᠡᠷᠯᠢᠭ᠂ ᠠᠯᠳᠠᠨ ᠥᠯᠥᠭᠡᠶ ᠬᠡᠤᠬᠡᠳ ᠤᠨ ᠴᠡᠴᠡᠷᠯᠢᠭ᠂ ᠲᠤᠯᠠᠭᠠᠨ ᠬᠡᠤᠬᠡᠳ ᠤᠨ ᠴᠡᠴᠡᠷᠯᠢᠭ ᠵᠡᠷᠭᠡ 5 ᠬᠡᠤᠬᠡᠳ ᠤᠨ ᠴᠡᠴᠡᠷᠯᠢᠭ ᠢ ᠨᠢᠭᠡᠨᠲᠡ ᠠᠰᠢᠭᠯᠠᠯᠲᠠ ᠳᠤ ᠣᠷᠣᠭᠤᠯᠪᠠ︔ ᠬᠠᠶᠢᠷᠤᠪ ᠤᠨ ᠲᠣᠬᠤᠢ ᠲᠣᠭᠤᠷᠢᠭ ᠤᠨ ᠲᠦᠷᠪᠡᠳᠦᠭᠡᠷ ᠬᠡᠤᠬᠡᠳ ᠤᠨ ᠴᠡᠷᠴᠡᠯᠢᠭ ᠵᠡᠷᠭᠡ 5 ᠬᠡᠤᠬᠡᠳ ᠤᠨ ᠴᠡᠴᠡᠷᠯᠢᠭ ᠢ ᠶᠠᠭ ᠱᠠᠯᠠᠪᠳᠠᠨ ᠪᠠᠶᠢᠭᠤᠯᠵᠤ ᠪᠠᠶᠢᠨ᠎ᠠ᠃ ᠰᠢᠨ ᠶᠤᠸᠠᠢ ᠶᠢᠩ ᠢᠯᠡᠷᠭᠡᠶᠢᠯᠡᠭᠰᠡᠨ ᠨᠢ᠂ ᠦᠬᠠᠶ ᠬᠤᠲᠠ ᠶᠢᠨ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠦᠨᠳᠦᠰᠦᠯᠡᠨ᠂ 2020 ᠤᠨ ᠪᠣᠯᠬᠤ ᠳᠤ᠂ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ᠂ ᠬᠠᠶᠢᠷᠣᠪ ᠤᠨ ᠲᠤᠬᠤᠢ ᠲᠣᠭᠤᠷᠢᠭ ᠤᠨ ᠳᠥᠷᠪᠡᠳᠦᠭᠡᠷ ᠬᠡᠤᠬᠡᠳ ᠤᠨ ᠴᠡᠴᠡᠷᠯᠢᠭ᠂ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠵᠡᠷᠭᠡ ᠵᠢᠱᠢᠯᠲᠡ ᠪᠠᠷ 1000 ᠭᠠᠷᠤᠶ ᠬᠡᠦᠭᠡᠳ ᠤᠨ ᠣᠷᠣ ᠨᠡᠮᠡᠵᠦ᠂ ᠮᠠᠨ ᠤ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ ᠨᠣᠷᠮ᠎ᠠ ᠶᠢ 50 %᠎ ᠳᠤ ᠬᠦᠷᠭᠡᠨ᠎ᠡ᠃ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢᠶᠠᠷ ᠭᠤᠤᠯ ᠪᠣᠯᠭᠠᠭᠰᠠᠨ᠂ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢᠶᠠᠷ ᠨᠥᠬᠦᠪᠥᠷᠢ ᠪᠣᠯᠭᠠᠭᠰᠠᠨ ᠬᠠᠶᠢᠷᠤᠪ ᠤᠨ ᠲᠣᠬᠤᠢ ᠲᠣᠭᠤᠷᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠲᠤ ᠣᠷᠣᠬᠤ ᠨᠣᠷᠮ᠎ᠠ 90 %᠎ ᠳᠤ ᠬᠦᠷᠬᠦ ᠪᠣᠯᠤᠨ᠎ᠠ ᠬᠡᠵᠡᠢ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号