ᠬᠠᠶᠢᠷᠤᠪ ᠤᠨ ᠲᠣᠬᠤᠢ ᠲᠣᠭᠤᠷᠢᠭ ᠤᠨ ᠰᠤᠷᠤᠭᠴᠢᠳ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠦᠭ ᠵᠢᠷᠤᠭ ᠤᠨ ᠪᠠᠶᠠᠷ ᠤᠨ ᠨᠢᠭᠡᠳᠦᠭᠡᠷ ᠲᠡᠰ ᠤᠨ ᠱᠠᠩᠨᠠᠯ ᠢ ᠬᠦᠷᠲᠡᠪᠡ
ᠨᠡᠶᠢᠲᠡᠯᠡᠭᠰᠡᠨ ᠴᠠᠭ᠄
2019-12-03
     10 ᠰᠠᠷ᠎ᠠ ᠶᠢᠨ 25᠎ ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠪ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠨᠡᠶᠢᠭᠡᠮᠯᠢᠭ ᠪᠣᠯᠤᠨ ᠰᠧᠴᠤᠸᠠᠨ ᠮᠤᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠬᠠᠮᠲᠤᠷᠠᠨ ᠡᠷᠬᠢᠯᠡᠭᠰᠡᠨ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠦᠭ ᠵᠢᠷᠤᠭ ᠢ ᠳᠡᠯᠭᠡᠨ ᠦᠵᠡᠭᠦᠯᠵᠦ ᠦᠨᠡᠯᠡᠬᠦ ᠠᠵᠢᠯᠯᠠᠭ᠎ᠠ ᠴᠧᠩᠳᠦ᠋ ᠳᠤ ᠡᠬᠢᠯᠡᠪᠡ᠃      ᠲᠣᠰ ᠬᠤᠭᠤᠴᠠᠭᠠᠨ ᠤ ᠬᠦᠷᠦᠭ ᠵᠢᠷᠤᠭ ᠤᠨ ᠪᠠᠶᠠᠷ ᠳᠡᠭᠡᠷ᠎ᠡ᠂ ᠦᠬᠠᠶ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠠᠩ ᠷᠦᠢ ᠰᠢᠦᠸᠠᠨ ᠤ᠂ ᠡᠤ ᠽᠢ ᠴᠧᠨ ᠪᠣᠯᠤᠨ ᠦᠬᠠᠶ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠩ ᠴᠦ᠋ ᠬᠠᠨ ᠵᠡᠷᠭᠡ 3 ᠰᠤᠷᠤᠭᠴᠢ ᠬᠠᠮᠲᠤ ᠪᠠᠷ ᠵᠣᠬᠢᠶᠠᠨ ᠪᠦᠲᠦᠭᠡᠭᠰᠡᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠺᠠᠷᠲ᠋ᠣᠨ ᠪᠦᠲᠦᠭᠡᠯ ︽ᠥᠨᠥᠳᠥᠷ ᠴᠢ ᠰᠦᠯᠢᠶᠣᠣ ᠢᠳᠡᠭᠰᠡᠨ ᠦᠤ︖︾᠎ ᠨᠢ ᠤᠷᠤᠯᠳᠤᠭᠠᠨ ᠤ ᠨᠢᠭᠡᠳᠦᠭᠡᠷ ᠲᠡᠰ ᠤᠨ ᠱᠠᠩᠨᠠᠯ ᠢ ᠬᠦᠷᠲᠡᠪᠡ᠃ ᠬᠠᠶᠢᠷᠤᠪ ᠤᠨ ᠲᠣᠬᠤᠢ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠣᠬᠢᠶᠠᠨ ᠪᠦᠲᠦᠭᠡᠭᠰᠡᠨ ᠰᠢᠨᠵᠢᠯᠡᠬᠦ ᠤᠬᠠᠭᠠᠨ ᠤ ᠬᠠᠶᠢᠨ ᠰᠢᠨᠵᠢᠯᠡᠯᠲᠡ ᠶᠢᠨ ᠪᠠᠷᠢᠮᠲᠠᠲᠤ ᠺᠢᠨᠣ᠋ ︽ᠬᠠᠶᠠᠭᠳᠠᠮᠠᠯ ᠳ᠋ᠢᠶᠠᠨ ᡂᠢ ᠶᠢᠨ ᠳᠡᠪᠲᠦᠭᠡᠭᠰᠡᠨ ᠰᠢᠩᠭᠡᠨ ᠪᠤᠭᠤᠳᠠᠢ ᠶᠢᠨ ᠦᠷ᠎ᠡ ᠰᠣᠶᠣᠭᠠᠯᠠᠭᠰᠠᠨ ᠲᠡᠮᠳᠡᠭᠯᠡᠯ︾᠂ ︽ᠤᠰᠤᠨ ᠳᠣᠲᠣᠷᠠᠬᠢ P M 2.5— ᠰᠦᠯᠢᠶᠣᠣ ᠪᠢᠴᠢᠯ ᠰᠤᠪᠤᠳ︾ᠪᠣᠯᠤᠨ ᠦᠬᠠᠶ ᠶᠢᠨ ᠶᠢᠰᠤᠳᠤᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠵᠣᠬᠢᠶᠠᠨ ᠪᠦᠲᠦᠭᠡᠭᠰᠡᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠢᠴᠢᠯ ᠺᠢᠨᠣ᠋ ︽ᠭᠠᠷ ᠤᠲᠠᠰᠤ +︾᠂ ︽ᠬᠦᠷᠢ ᠦᠵᠡᠭᠰᠡᠨ ᠲᠡᠮᠳᠡᠭᠯᠡᠯ︾᠎ ᠨᠢ ᠲᠣᠰ ᠲᠣᠰ ᠤᠷᠤᠯᠳᠤᠭᠠᠨ ᠤ ᠭᠤᠷᠪᠠᠳᠤᠭᠠᠷ ᠲᠡᠰ ᠤᠨ ᠱᠠᠩᠨᠠᠯ ᠬᠦᠷᠲᠡᠵᠡᠢ᠃       ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠦᠭ ᠵᠢᠷᠤᠭ ᠤᠨ ᠪᠠᠶᠠᠷ ᠳᠤᠷᠠᠰᠬᠠᠯ ᠤᠨ ᠡᠳᠦᠷ ᠪᠣᠯ ᠰᠢᠨᠵᠢᠯᠡᠬᠦ ᠤᠬᠠᠭᠠᠨ ᠪᠠ ᠤᠷᠠᠯᠢᠭ ᠢ ᠨᠢᠭᠡ ᠴᠣᠭᠴᠠᠵᠢᠭᠤᠯᠤᠭᠰᠠᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠮᠥᠨ᠂ ᠵᠠᠯᠠᠭᠤᠴᠤᠳ ᠪᠠᠭᠠᠴᠤᠳ ᠢ ᠵᠣᠷᠢᠭᠵᠢᠭᠤᠯᠤᠨ ᠲᠡᠭᠦᠨ ᠢᠶᠠᠷ ᠠᠴᠢᠶᠠᠯᠠᠪᠤᠷᠢ ᠪᠣᠯᠭᠠᠨ᠂ ᠳᠡᠷᠭᠡᠳᠡᠬᠢ ᠰᠢᠨᠵᠢᠯᠡᠬᠦ ᠤᠬᠠᠭᠠᠨ ᠢ ᠰᠤᠳᠤᠯᠬᠤ ᠶᠢᠨ ᠬᠠᠮᠲᠤ ᠰᠢᠨᠵᠢᠯᠡᠬᠦ ᠤᠬᠠᠭᠠᠨ ᠤ ᠰᠤᠳᠤᠯᠤᠯ ᠤᠨ ᠪᠠᠷᠢᠮᠲᠠᠲᠤ ᠺᠢᠨᠣ᠋᠂ ᠰᠢᠨᠵᠢᠯᠡᠬᠦ ᠤᠬᠠᠭᠠᠨ ᠤ ᠪᠢᠴᠢᠯ ᠺᠢᠨᠣ᠋ ᠪᠠ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠺᠠᠷᠲ᠋ᠣᠨ ᠪᠦᠲᠦᠭᠡᠯ ᠢ ᠰᠡᠭᠦᠳᠡᠷᠯᠡᠨ ᠤᠶᠢᠯᠡᠤᠡᠴᠤ ᠳᠡᠯᠭᠡᠨ ᠦᠵᠡᠭᠦᠯᠬᠦ ᠪᠠ ᠰᠣᠯᠢᠯᠴᠠᠬᠤ ᠵᠣᠷᠢᠯᠭ᠎ᠠ ᠲᠠᠢ ᠶᠤᠮ᠃ ᠣᠳᠣᠬᠠᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠤᠭᠴᠢᠳ ᠭᠤᠷᠪᠠᠨ ᠬᠤᠭᠤᠴᠠᠭ᠎ᠠ ᠳᠠᠷᠠᠭᠠᠯᠠᠨ ᠲᠣᠰ ᠶᠡᠭᠡ ᠤᠷᠤᠯᠳᠤᠭᠤᠨ ᠳᠤ ᠴᠥᠮ ᠨᠢᠭᠡᠳᠦᠭᠡᠷ ᠲᠡᠰ ᠤᠨ ᠱᠠᠩᠨᠠᠯ ᠬᠦᠷᠲᠡᠵᠡᠢ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号