ᠬᠠᠶᠢᠷᠤᠪ ᠤᠨ ᠲᠣᠬᠤᠢ ᠲᠣᠭᠤᠷᠢᠭ ᠤᠨ 2 ᠬᠡᠤᠬᠡᠳ ᠤᠨ ᠴᠡᠴᠡᠷᠯᠢᠭ ᠪᠦᠬᠦ ᠤᠯᠤᠰ ᠎ ᠤᠨ ᠬᠥᠯ ᠪᠥᠮᠪᠦᠭᠡ ᠶᠢᠨ ᠣᠨᠴᠠᠯᠢᠭᠲᠤ ᠬᠡᠤᠬᠡᠳ ᠤᠨ ᠴᠡᠴᠡᠷᠯᠢᠭ ᠤᠨ ᠨᠡᠷᠡᠰ ᠳᠤ  ᠰᠤᠩᠭᠤᠭᠳᠠᠪᠠ
ᠨᠡᠶᠢᠲᠡᠯᠡᠭᠰᠡᠨ ᠴᠠᠭ᠄
2019-12-03
     8 ᠰᠠᠷ᠎ᠠ ᠶᠢᠨ 16᠎ ᠤ ᠡᠳᠦᠷ᠂ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ︽2019᠎ ᠤᠨ ᠪᠥᠬᠦ ᠤᠯᠤᠰ ‍ᠤᠨ‌‍ᠭ᠊ ‍ᠥ᠋ᠯ ᠪᠥᠮᠪᠦᠭᠡ ᠵᠢᠨ‌ᠣᠨᠴᠠᠯᠢᠭᠲᠤ ᠬᠡᠦᠬᠡᠳ ‍ᠤᠨ‌‍ᠴᠡᠴᠡᠷᠯᠢᠭ ᠤᠨ ᠨᠡᠷᠡᠰ︾᠎ ᠢ ᠨᠡᠶᠢᠲᠡᠯᠡᠪᠡ᠃ ᠣᠶᠢᠯᠠᠭᠠᠭᠰᠠᠨ ᠢᠶᠠᠷ᠂ ᠬᠤᠯᠪᠣᠭᠳᠠᠯ ᠪᠦᠬᠦᠢ ᠨᠢᠭᠡᠴᠡ ᠶᠢᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠦᠭᠰᠡᠨ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠬᠠᠷᠭᠤᠭᠤᠯᠵᠤ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠠᠴᠠ ᠡᠯ᠎ᠡ ᠭᠠᠵᠠᠷ ᠤᠨ ᠲᠠᠨᠢᠯᠴᠠᠭᠤᠯᠤᠭᠰᠠᠨ ᠬᠥᠯ ᠪᠥᠮᠪᠦᠭᠡ ᠶᠢᠨ ᠣᠨᠴᠠᠯᠢᠭᠲᠤ ᠬᠡᠦᠬᠡᠳ ᠤᠨ ᠴᠡᠴᠡᠷᠯᠢᠭ ᠲᠤ ᠶᠡᠷᠦᠩᠬᠡᠶᠢᠯᠡᠭᠰᠡᠨ ᠦᠨᠡᠯᠡᠯᠲᠡ ᠬᠢᠵᠦ᠂ ᠪᠥᠬᠦ ᠤᠯᠤᠰ ᠲᠤ ᠨᠡᠶᠢᠲᠡ 3570 ᠬᠡᠦᠬᠡᠳ ᠤᠨ ᠴᠡᠴᠡᠷᠯᠢᠭ ᠢ ᠪᠥᠬᠦ ᠤᠯᠤᠰ ᠤᠨ ᠬᠥᠯ ᠪᠥᠮᠪᠦᠭᠡ ᠶᠢᠨ ᠣᠨᠴᠠᠯᠢᠭᠲᠤ ᠬᠡᠦᠬᠡᠳ ᠤᠨ ᠴᠡᠴᠡᠷᠯᠢᠭ ᠢᠶᠠᠷ ᠮᠠᠭᠠᠳᠯᠠᠨ ᠲᠣᠭᠲᠠᠭᠠᠪᠠ᠃ ᠡᠭᠦᠨ ᠳᠤ᠂ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠨᠢᠭᠡᠳᠦᠭᠡᠷ ᠬᠡᠤᠬᠡᠳ ᠤᠨ ᠴᠡᠴᠡᠷᠯᠢᠭ᠂ ᠬᠤᠶᠠᠳᠤᠭᠠᠷ ᠬᠡᠤᠬᠡᠳ ᠤᠨ ᠴᠡᠴᠡᠷᠯᠢᠭ 2 ᠬᠡᠤᠬᠡᠳ ᠤᠨ ᠴᠡᠴᠡᠷᠯᠢᠭ ᠨᠡᠷ᠎ᠡ ᠠᠯᠳᠠᠷᠰᠢᠵᠠᠶ᠃      2019 ᠤᠨ  ᠤ 7 ᠰᠠᠷ᠎ᠠ ᠳᠤ ᠰᠤᠷᠭᠠᠨ ᠬᠥᠮᠦᠵᠢᠯ ᠤᠨ ᠶᠠᠮᠤᠨ ︽ᠪᠥᠬᠦ ᠤᠯᠤᠰ ᠎ ᠤᠨ  ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠶᠢᠨ ᠮᠡᠳᠡᠭᠦᠯᠦᠯᠲᠡ ︵2015 — 2019︶︾᠎ ᠶᠢ ᠨᠡᠶᠢᠲᠡᠯᠡᠪᠡ᠃ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠣᠳᠣᠬᠠᠨ ᠳᠤ ᠪᠥᠬᠦ ᠤᠯᠤᠰ ᠤᠨ 38 ᠲᠦᠮᠡᠨ ᠳᠤᠮᠳᠠᠳᠤ ᠪᠠᠭ᠎ᠠ‌‍ᠰᠤᠷᠭᠠᠭᠤᠯᠢ ᠶᠢᠨ ᠳᠣᠲᠣᠷ᠎ᠠ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ 24126 ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠶᠠᠮᠤᠨ ︽ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︿ᠨᠠᠢᠮᠠᠨ ᠶᠡᠭᠡ ᠰᠢᠰᠲ᠋ᠧᠮ﹀᠎ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ︾᠎ ᠶᠢ ᠨᠡᠶᠢᠲᠡᠯᠡᠨ᠎ᠡ᠃ 2025 ᠤᠨ ᠪᠣᠯᠬᠤ  ᠎ ᠳᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢ 3 ᠲᠦᠮᠡ ᠡᠭᠦᠳᠦᠨ ᠪᠠᠶᠢᠭᠤᠯᠤᠨ᠎ᠠ᠃      ᠬᠡᠤᠬᠡᠳ ᠤᠨ ᠬᠥᠯ ᠪᠥᠮᠪᠦᠭᠡ ᠶᠢᠨ ᠳᠤᠷ᠎ᠠ ᠰᠣᠨᠢᠷᠬᠠᠯ ᠢ ᠬᠥᠮᠦᠵᠢᠭᠦᠯᠬᠦ ᠶᠢ ᠴᠢᠩᠭᠠᠳᠬᠠᠬᠤ ᠶᠢᠨ ᠲᠥᠯᠥᠭᠡ᠂ 2019 ᠤᠨ 3 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠠᠴᠠ ᠬᠥᠯ ᠪᠥᠮᠪᠦᠭᠡ ᠶᠢᠨ ᠣᠨᠴᠠᠯᠢᠭᠲᠤ ᠬᠡᠤᠬᠡᠳ ᠤᠨ ᠴᠡᠴᠡᠷᠯᠢᠭ ᠤᠨ ᠲᠤᠷᠰᠢᠯᠲᠠ ᠶᠢᠨ ᠠᠵᠢᠯ ᠢ ᠥᠷᠨᠢᠭᠦᠯᠬᠦ ᠪᠠᠷ ᠲᠣᠭᠲᠠᠵᠤ᠂ 3᠎ ᠠᠴᠠ 6 ᠨᠠᠰᠤᠨ ᠤ ᠬᠡᠤᠬᠡᠳ ᠤᠨ ᠬᠥᠳᠡᠯᠭᠡᠭᠡᠨ ᠤ ᠳᠤᠷ᠎ᠠ ᠰᠣᠨᠢᠷᠬᠠᠯ᠂ ᠳᠠᠳᠬᠠᠯ᠂ ᠲᠠᠨᠢᠨ ᠮᠡᠳᠡᠬᠦᠶ ᠪᠠ ᠤᠷ᠎ᠠ ᠴᠢᠳᠠᠪᠤᠷᠢ ᠶᠢᠨ ᠪᠣᠶ ᠪᠣᠯᠵᠤ ᠬᠥᠭᠵᠢᠬᠦ ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠵᠤ᠂ ᠵᠢᠮ᠎ᠡ ᠶᠣᠰᠣ ᠶᠢ ᠬᠦᠨᠳᠦᠳᠬᠡᠨ᠂ ᠲᠣᠭᠯᠠᠭᠠᠮ᠂ ᠳᠤᠷ᠎ᠠ‌‍ᠰᠣᠨᠢᠷᠬᠠᠯ ᠢᠶᠠᠷ ᠭᠤᠤᠯ ᠪᠣᠯᠭᠠᠵᠤ᠂ ᠡᠯ᠎ᠡ ᠲᠥᠷᠥᠯ ᠤᠨ ᠬᠡᠤᠬᠡᠳ ᠤᠨ ᠴᠡᠴᠡᠷᠯᠢᠭ ᠢ ᠬᠥᠲᠥᠯᠥᠨ ᠵᠢᠯᠣᠭᠤᠳᠴᠤ ᠪᠠᠶᠢᠭᠠᠤᠡ ᠬᠡᠤᠬᠡᠳ ᠤᠨ ᠬᠥᠯ ᠪᠥᠮᠪᠦᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号