ᠭᠠᠨᠳᠠᠷᠢ ᠠᠭᠤᠯᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠤᠷᠤᠨ
ᠨᠡᠶᠢᠲᠡᠯᠡᠭᠰᠡᠨ ᠴᠠᠭ᠄
2019-12-03
     ᠭᠠᠨᠳᠠᠷᠢ ᠠᠭᠤᠯᠠᠨ ᠤ ᠠᠮᠢ ᠠᠬᠤᠢ ᠶᠢᠨ ᠪᠤᠯᠪᠠᠰᠣᠨ ᠦᠵᠡᠮᠵᠢ ᠶᠢᠨ ᠣᠷᠣᠨ ᠨᠢ ᠦᠬᠠᠢ ᠬᠤᠳᠠ ᠶᠢᠨ ᠰᠢᠳᠢᠲᠤ ᠠᠭᠤᠯᠠ — ᠭᠠᠨᠳᠠᠷᠢ ᠠᠭᠤᠯᠠᠨ ᠳᠤ ᠪᠤᠢ᠃ ᠦᠬᠠᠢ ᠬᠤᠳᠠ ᠶᠢᠨ ᠭᠤᠷᠪᠠᠨ ᠲᠤᠭᠤᠷᠢᠭ ᠤᠨ ᠲᠦᠪ ᠬᠡᠰᠡᠭ ᠲᠤ ᠪᠠᠶᠢᠷᠢᠯᠠᠵᠤ᠂ ᠪᠠᠷᠤᠭ 20 ᠲᠡᠭᠰᠢ ᠲᠦᠷᠪᠡᠯᠵᠢᠨ ᠺᠢᠯᠤᠮᠧᠳ᠋ᠷ ᠤᠨ ᠬᠡᠪᠴᠢᠶ᠎ᠡ ᠲᠠᠢ ᠪᠠᠶᠢᠵᠦ᠂ ᠭᠤᠤᠯ ᠪᠤᠯᠬᠤ ᠪᠠᠷᠢᠯᠭ᠎ᠠ ᠪᠤᠯ 88.95 ᠮᠧᠳ᠋ᠷ ᠦᠨᠳᠦᠷ ᠴᠢᠩᠭᠢᠰ ᠬᠠᠭᠠᠨ ᠤ ᠬᠦᠷᠦᠭ ᠪᠤᠯᠤᠨ᠎ᠠ᠂ ᠲᠡᠷᠡ ᠨᠢ ᠲᠠᠯᠠᠢ ᠶᠢᠨ ᠲᠦᠪᠰᠢᠨ ᠠᠴᠠ ᠲᠡᠭᠡᠭᠰᠢ 1805 ᠮᠧᠳ᠋ᠷ ᠪᠤᠯᠬᠤ ᠭᠠᠨᠳᠠᠷᠢ ᠠᠭᠤᠯᠠᠨ ᠤ ᠭᠤᠤᠯ ᠤᠷᠬᠢᠯ ᠳᠤ ᠰᠠᠭᠤᠷᠢᠰᠢᠵᠦ᠂ ᠶᠠᠭ ᠦᠬᠠᠢ ᠬᠤᠳᠠ ᠶᠢᠨ ᠲᠦᠪ ᠬᠡᠰᠡᠭ ᠲᠤ ᠪᠠᠶᠢᠷᠢᠯᠠᠵᠤ᠂ ᠠᠤᠭ᠎ᠠ ᠰᠦᠷᠯᠢᠭ ᠬᠠᠷᠠᠴᠠ ᠪᠠᠷ ᠦᠬᠠᠢ ᠶᠢ ᠪᠠᠷᠠᠭᠠᠯᠠᠵᠤ ᠪᠠᠶᠢᠳᠠᠭ᠃ ᠬᠦᠷᠦᠭ ᠤᠨ ᠲᠤᠲᠤᠭᠠᠲᠤ ᠬᠡᠰᠡᠭ ᠢ ᠦᠬᠠᠢ ᠶᠢᠨ ᠮᠦᠽᠸᠢ ᠪᠤᠯᠭᠠᠬᠤ ᠪᠠᠷ ᠲᠦᠯᠦᠪᠵᠢᠭᠦᠯᠵᠦ ᠪᠤᠢ᠃ ᠦᠵᠡᠮᠵᠢ ᠶᠢᠨ ᠣᠷᠣᠨ ᠤ ᠲᠦᠯᠦᠪᠵᠢᠬᠦᠯᠭᠡ ᠶᠢ 3 ᠴᠢᠳᠠᠮᠵᠢ ᠶᠢᠨ ᠤᠷᠤᠨ ᠬᠤᠪᠢᠶᠠᠪᠠ᠄ ᠲᠠᠷᠣᠢ ᠠᠭᠤᠯᠠᠷᠬᠠᠭ ᠣᠷᠣᠨ ᠤ ᠰᠡᠯᠡᠭᠦᠴᠡᠨ ᠵᠤᠭᠠᠴᠠᠬᠤ ᠣᠷᠣᠨ᠂ ᠵᠡᠬᠦᠨ ᠬᠡᠰᠡᠭ ᠤᠨ ᠨᠤᠴᠣᠭᠠᠨ᠎ᠠ ᠶᠢᠨ ᠠᠮᠢ ᠠᠬᠤᠢ ᠶᠢᠨ ᠣᠷᠣᠨ᠂ ᠪᠠᠷᠠᠭᠤᠨ ᠬᠡᠰᠡᠭ ᠤᠨ ᠡᠯᠡᠰᠦᠨ ᠴᠦᠯ ᠲᠠᠯ᠎ᠠ ᠨᠤᠲᠤᠭ ᠤᠨ ᠠᠮᠢ ᠠᠬᠤᠢ ᠶᠢᠨ ᠣᠷᠣᠨ ᠪᠤᠯᠤᠨ᠎ᠠ᠂ ᠡᠨᠡ ᠨᠢ ᠭᠠᠨᠳᠠᠷᠢ ᠠᠭᠤᠯᠠᠨ ᠤ ᠤᠨᠴᠠᠭᠠᠢ ᠦᠵᠡᠮᠵᠢ ᠶᠢᠨ ᠭᠠᠵᠠᠷ ᠤᠨ ᠭᠠᠳᠠᠷᠭᠤ ᠶᠢ ᠬᠠᠮᠠᠭᠠᠯᠠᠭᠰᠠᠨ ᠢᠶᠠᠷ ᠪᠠᠷᠠᠬᠤ ᠦᠭᠡᠢ ᠦᠵᠡᠮᠵᠢ ᠶᠢᠨ ᠤᠷᠤᠨ ᠤ ᠡᠯ᠎ᠡ ᠵᠦᠢᠯ ᠤᠨ ᠡᠬᠢ ᠪᠠᠶᠠᠯᠢᠭ ᠢ ᠨᠢᠭᠡᠳᠦᠬᠦᠯᠵᠦ᠂ ᠠᠭᠤᠯᠠ᠂ ᠣᠰᠣ᠂ ᠲᠠᠯ᠎ᠠ ᠨᠤᠲᠤᠭ᠂ ᠡᠯᠡᠰᠦᠨ ᠴᠦᠯ᠂ ᠬᠠᠲᠤᠨ ᠭᠤᠤᠯ ᠤᠨ ᠶᠡᠭᠡ ᠬᠠᠰᠢᠯᠭ᠎ᠠ ᠵᠡᠷᠭᠡ ᠭᠤᠤᠯ ᠪᠤᠯᠬᠤ ᠦᠵᠡᠮᠵᠢ ᠶᠢ ᠤᠷᠭᠠᠨᠢᠭ ᠢᠶᠠᠷ ᠵᠤᠬᠢᠴᠠᠭᠤᠯᠵᠤ᠂ ᠪᠠᠶᠢᠭᠤᠯᠭ᠍ᠳᠠᠵᠤ ᠲᠡᠭᠦᠰᠦᠭᠰᠡᠨ ᠤ ᠲᠠᠷᠠᠭ᠎ᠠ ᠵᠢᠭᠤᠯᠴᠢᠯᠠᠯ᠂ ᠰᠡᠯᠡᠭᠦᠴᠡᠯ ᠢ ᠨᠢᠭᠡᠳᠦᠭᠦᠯᠦᠭᠰᠡᠨ ᠲᠤᠮᠤ ᠬᠡᠯᠪᠡᠷᠢ ᠶᠢᠨ ᠶᠠᠷᠦᠩᠬᠡᠶᠢᠯᠡᠭᠰᠡᠨ ᠠᠮᠢ ᠠᠬᠤᠢ ᠶᠢᠨ ᠦᠵᠡᠮᠵᠢ ᠶᠢᠨ ᠤᠷᠤᠨ ᠪᠤᠯᠬᠤ ᠶᠤᠮ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号