ᠣᠶᠢᠷ᠎ᠠ ᠳᠤ᠂ ᠰᠢᠨ᠎ᠡ ᠪᠠᠷ ᠪᠠᠶᠢᠭᠤᠯᠵᠤ ᠪᠠᠶᠢᠭ᠎ᠠ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠶᠢᠨ | ᠬᠤᠶᠠᠳᠤᠭᠠᠷ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠭᠡᠷ ᠳᠣᠲᠣᠷᠠᠬᠢ ᠵᠠᠰᠠᠯ | ᠴᠢᠮᠡᠭᠯᠡᠯ ᠤᠨ ᠱᠠᠲᠤᠨ ᠳᠤ ᠣᠷᠣᠪᠠ᠂ ᠣᠳᠣᠬᠠᠨ ᠳᠤ᠂ ᠡᠯ᠎ᠡ ᠵᠦᠢᠯ ᠤᠨ ᠪᠠᠷᠢᠯᠭ᠎ᠠ ᠶᠢᠨ ᠠᠵᠢᠯ ᠶᠠᠭ ᠡᠮᠬᠢ | ᠵᠢᠷᠤᠮ ᠲᠠᠢ ᠶᠠᠪᠤᠭᠳᠠᠵᠤ᠂ ᠵᠢᠱᠢᠯᠲᠡ ᠪᠠᠷ ᠢᠷᠡᠬᠦ ᠵᠢᠯ ᠠᠰᠢᠭᠯᠠᠯᠲᠠ ᠳᠤ ᠣᠷᠣᠬᠤ ᠪᠣᠯᠤᠨ᠎ᠠ᠃ ᠴᠠᠭ ᠠᠭᠤᠷ | ᠠᠭᠠᠵᠢᠮ ᠢᠶᠠᠷ ᠬᠦᠢᠳᠡᠷᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠶᠢᠨ ᠬᠤᠶᠠᠳᠤᠭᠠᠷ ᠬᠡᠤᠬᠡᠳ ᠤᠨ | ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠪᠠᠷᠢᠯᠭ᠎ᠠ ᠶᠢᠨ ᠠᠬᠤᠶ ᠲᠠᠯᠠᠪᠠᠢ ᠬᠠᠷᠢᠨ | ᠪᠦᠲᠦᠭᠡᠨ ᠪᠠᠶᠢᠭᠤᠯᠤᠯᠲᠠ ᠶᠢᠨ ᠶᠠᠭᠠᠷᠠᠤ ᠪᠠᠶᠢᠳᠠᠯ ᠲᠠᠢ ᠪᠠᠶᠢᠯ᠎ᠠ᠃ ᠠᠵᠢᠯᠴᠢᠳ ᠤᠰᠤ᠂ ᠴᠠᠬᠢᠯᠭᠠᠨ᠂ ᠳᠤᠯᠠᠭᠠᠯᠠᠭ᠎ᠠ | ᠂ ᠭᠠᠯ ᠤᠨᠲᠠᠷᠠᠭᠠᠬᠤ ᠬᠡᠷᠡᠭᠰᠡᠯ ᠵᠡᠷᠭᠡ ᠰᠠᠭᠤᠷᠢ ᠲᠥᠬᠦᠭᠡᠷᠦᠮᠵᠢ ᠶᠢ ᠤᠭᠰᠠᠷᠠᠵᠤ ᠲᠤᠷᠰᠢᠨ ᠬᠡᠷᠡᠭᠯᠡᠬᠦ ᠪᠠᠷ | ᠶᠠᠭᠠᠷᠠᠯᠳᠤᠵᠤ ᠪᠠᠶᠢᠨ᠎ᠠ᠃ | ︽ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠲᠥᠷᠥᠯ ᠵᠦᠢᠯ ᠢ ᠡᠨᠡ ᠵᠢᠯ ᠤᠨ 5 | ᠰᠠᠷ᠎ᠠ ᠳᠤ ᠠᠵᠢᠯ ᠡᠬᠢᠯᠡᠭᠦᠯᠵᠦ᠂ 9 ᠰᠠᠷ᠎ᠠ ᠶᠢᠨ 10 ᠤ ᠡᠳᠦᠷ ᠭᠤᠤᠯ ᠴᠣᠭᠴᠠ ᠶᠢᠨ ᠰᠢᠯᠭᠠᠨ ᠬᠤᠷᠢᠶᠠᠯᠲᠠ ᠶᠢ | ᠪᠡᠶᠡᠯᠡᠭᠦᠯᠵᠦ᠂ ᠣᠳᠣ ᠶᠠᠭ ᠬᠤᠶᠠᠳᠠᠬᠢ ᠤᠳᠠᠭ᠎ᠠ ᠵᠠᠰᠠᠵᠤ ᠴᠢᠮᠡᠭᠯᠡᠬᠦ ᠠᠵᠢᠯ ᠢ ᠬᠢᠵᠦ ᠪᠠᠶᠢᠨ᠎ᠠ᠃ ᠪᠠᠷᠢᠯᠭ᠎ᠠ ᠶᠢᠨ | ᠶᠠᠰᠤ ᠴᠢᠨᠠᠷ ᠪᠣᠯᠤᠨ ᠠᠶᠤᠯ ᠦᠭᠡᠢ ᠶᠢ ᠪᠠᠲᠤᠯᠠᠭᠰᠠᠨ ᠤᠷᠢᠲᠠᠯ ᠳᠣᠤᠷ᠎ᠠ᠂ ᠪᠢᠳᠡ ᠪᠠᠷᠢᠯᠭ᠎ᠠ ᠶᠢᠨ ᠠᠵᠢᠯ ᠤᠨ ᠳᠡᠰ | ᠳᠠᠷᠠᠭᠠᠯᠠᠯ ᠢ ᠪᠠᠲᠤᠯᠠᠵᠤ᠂ ᠪᠠᠷᠢᠯᠭ᠎ᠠ ᠶᠢᠨ ᠠᠵᠢᠯ ᠤᠨ ᠠᠬᠢᠴᠠ ᠶᠢ ᠦᠨᠡᠨᠬᠦ ᠪᠠᠲᠤᠯᠠᠵᠤ᠂ ᠲᠥᠷᠥᠯ ᠵᠦᠢᠯ ᠢ ᠢᠷᠡᠬᠦ | ᠵᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ︾ ᠭᠡᠵᠦ ᠪᠢᠨ | ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ | ᠬᠠᠷᠢᠭᠤᠴᠠᠯᠭᠠᠲᠠᠨ᠂ ᠥᠪᠥᠷ ᠮᠣᠩᠭᠤᠯ ᠤᠨ ᠴᠠᠩ ᠴᠧᠩ ᠪᠠᠷᠢᠯᠭ᠎ᠠ ᠤᠭᠰᠠᠷᠠᠬᠤ ᠺᠣᠮᠫᠠᠨᠢ ᠶᠢᠨ ᠠᠵᠢᠯᠲᠠᠨ ᠳ᠋ᠦ᠋ ᠪᠦᠦ | ᠢᠦᠶ ᠬᠡᠯᠡᠪᠡ᠃ | ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠤᠨ | ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠨᠢ ᠪᠢᠨ ᠾᠧ ᠲᠣᠭᠤᠷᠢᠭ ᠤᠨ ᠵᠢᠶᠦ᠋ᠨ ᠵᠧᠩ ᠵᠡᠭᠡᠯᠢ ᠶᠢᠨ ᠬᠤᠶᠢᠲᠤ | ᠬᠡᠰᠡᠭ ᠲᠤ ᠪᠠᠶᠢᠷᠢᠯᠠᠵᠤ᠂ 11000 ᠲᠡᠭᠰᠢ ᠳᠥᠷᠪᠡᠯᠵᠢᠨ ᠮᠧᠳ᠋ᠷ ᠰᠢᠬᠠᠮ ᠭᠠᠵᠠᠷ ᠡᠵᠡᠯᠡᠵᠦ᠂ ᠨᠡᠶᠢᠲᠡ 4 | ᠳᠠᠪᠬᠤᠷ᠂ ᠰᠤᠷᠭᠠᠭᠤᠯᠢ ᠡᠷᠬᠢᠯᠡᠬᠦ ᠬᠡᠪᠴᠢᠶ᠎ᠡ ᠨᠢ 15 ᠵᠢᠭᠠᠨ ᠰᠤᠷᠭᠠᠯᠲᠠ ᠶᠢᠨ ᠠᠩᠭᠢ᠂ ᠵᠢᠱᠢᠯᠲᠡ ᠪᠠᠷ 4000 | ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠰᠢᠨ ᠶᠤᠸᠠᠢ ᠶᠢᠩ ᠤᠨ ᠲᠠᠨᠢᠯᠴᠠᠭᠤᠯᠤᠭᠰᠠᠨ ᠢᠶᠠᠷ᠂ ᠪᠢᠨ ᠾᠧ | ᠲᠣᠭᠤᠷᠢᠭ ᠲᠤ ᠣᠳᠣ 450 ᠬᠡᠦᠭᠡᠳ ᠤᠨ ᠣᠷᠣ ᠲᠠᠢ ᠬᠠᠶᠢᠷᠤᠪ ᠤᠨ ᠲᠣᠬᠤᠢ ᠲᠣᠭᠤᠷᠢᠭ ᠤᠨ ᠨᠠᠶᠢᠮᠠᠳᠤᠭᠠᠷ | ᠬᠡᠤᠬᠡᠳ ᠤᠨ ᠴᠡᠴᠡᠷᠯᠢᠭ ᠪᠤᠢ᠂ ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠪᠠᠰᠠ 450 ᠬᠡᠦᠬᠡᠳ ᠤᠨ ᠣᠷᠣ ᠬᠠᠩᠭᠠᠵᠤ᠂ ᠪᠢᠨ ᠾᠧ ᠲᠣᠭᠤᠷᠢᠭ ᠤᠨ | ᠬᠡᠤᠬᠡᠳ ᠤᠨ ᠴᠡᠴᠡᠷᠯᠢᠭ ᠲᠤ ᠣᠷᠣᠬᠤ ᠠᠰᠠᠭᠤᠳᠠᠯ ᠢ ᠨᠡᠯᠢᠶᠡᠳ ᠶᠡᠭᠡ ᠬᠡᠮᠵᠢᠶ᠎ᠡ ᠪᠠᠷ ᠰᠢᠢᠳᠪᠦᠷᠢᠯᠡᠬᠦ ᠪᠤᠯᠤᠨ᠎ᠠ᠃ | ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠶᠣᠰᠣᠭᠠᠷ᠂ 2017 ᠣᠨ ᠠᠴᠠ 2020 ᠣᠨ ᠪᠣᠯᠲᠠᠯ᠎ᠠ᠂ | ᠬᠠᠶᠢᠷᠤᠪ ᠤᠨ ᠲᠣᠬᠤᠢ ᠲᠣᠭᠤᠷᠢᠭ ᠲᠤ 10 ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ | ᠪᠤᠢ᠃ ᠡᠭᠦᠨ ᠳᠤ᠂ ᠰᠢᠨ ᠲᠢᠶᠠᠨ ᠳ᠋ᠢ ᠬᠡᠤᠬᠡᠳ ᠤᠨ ᠴᠡᠴᠡᠷᠯᠢᠭ᠂ ᠠᠯᠳᠠᠨ ᠥᠯᠥᠭᠡᠶ ᠬᠡᠤᠬᠡᠳ ᠤᠨ ᠴᠡᠴᠡᠷᠯᠢᠭ᠂ | ᠲᠤᠯᠠᠭᠠᠨ ᠬᠡᠤᠬᠡᠳ ᠤᠨ ᠴᠡᠴᠡᠷᠯᠢᠭ ᠵᠡᠷᠭᠡ 5 ᠬᠡᠤᠬᠡᠳ ᠤᠨ ᠴᠡᠴᠡᠷᠯᠢᠭ ᠢ ᠨᠢᠭᠡᠨᠲᠡ ᠠᠰᠢᠭᠯᠠᠯᠲᠠ ᠳᠤ ᠣᠷᠣᠭᠤᠯᠪᠠ︔ | ᠬᠠᠶᠢᠷᠤᠪ ᠤᠨ ᠲᠣᠬᠤᠢ ᠲᠣᠭᠤᠷᠢᠭ ᠤᠨ ᠲᠦᠷᠪᠡᠳᠦᠭᠡᠷ ᠬᠡᠤᠬᠡᠳ ᠤᠨ ᠴᠡᠷᠴᠡᠯᠢᠭ ᠵᠡᠷᠭᠡ 5 ᠬᠡᠤᠬᠡᠳ ᠤᠨ | ᠴᠡᠴᠡᠷᠯᠢᠭ ᠢ ᠶᠠᠭ ᠱᠠᠯᠠᠪᠳᠠᠨ ᠪᠠᠶᠢᠭᠤᠯᠵᠤ ᠪᠠᠶᠢᠨ᠎ᠠ᠃ ᠰᠢᠨ ᠶᠤᠸᠠᠢ ᠶᠢᠩ ᠢᠯᠡᠷᠭᠡᠶᠢᠯᠡᠭᠰᠡᠨ ᠨᠢ᠂ ᠦᠬᠠᠶ | ᠬᠤᠲᠠ ᠶᠢᠨ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠠᠵᠢᠯᠯᠠᠭ᠎ᠠ ᠶᠢᠨ ᠲᠥᠯᠥᠪᠯᠡᠭᠡ ᠶᠢ ᠦᠨᠳᠦᠰᠦᠯᠡᠨ᠂ 2020 ᠤᠨ ᠪᠣᠯᠬᠤ ᠳᠤ᠂ ᠰᠢᠨ᠎ᠡ ᠪᠠᠷ ᠪᠠᠶᠢᠭᠤᠯᠤᠭᠰᠠᠨ ᠪᠤᠶᠤ | ᠥᠷᠭᠡᠳᠬᠡᠨ ᠪᠠᠶᠢᠭᠤᠯᠤᠭᠰᠠᠨ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠶᠢᠨ ᠬᠤᠶᠠᠳᠤᠭᠠᠷ ᠬᠡᠤᠬᠡᠳ ᠤᠨ | ᠴᠡᠴᠡᠷᠯᠢᠭ᠂ ᠬᠠᠶᠢᠷᠣᠪ ᠤᠨ ᠲᠤᠬᠤᠢ ᠲᠣᠭᠤᠷᠢᠭ ᠤᠨ ᠳᠥᠷᠪᠡᠳᠦᠭᠡᠷ ᠬᠡᠤᠬᠡᠳ ᠤᠨ ᠴᠡᠴᠡᠷᠯᠢᠭ᠂ ᠮᠣᠩᠭᠤᠯ | ᠦᠨᠳᠦᠰᠦᠲᠡᠨ ᠤ ᠬᠡᠤᠬᠡᠳ ᠤᠨ ᠴᠡᠴᠡᠷᠯᠢᠭ ᠵᠡᠷᠭᠡ ᠵᠢᠱᠢᠯᠲᠡ ᠪᠠᠷ 1000 ᠭᠠᠷᠤᠶ ᠬᠡᠦᠭᠡᠳ ᠤᠨ ᠣᠷᠣ ᠨᠡᠮᠡᠵᠦ᠂ | ᠮᠠᠨ ᠤ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ ᠨᠣᠷᠮ᠎ᠠ ᠶᠢ 50 | % ᠳᠤ ᠬᠦᠷᠭᠡᠨ᠎ᠡ᠃ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢᠶᠠᠷ ᠭᠤᠤᠯ ᠪᠣᠯᠭᠠᠭᠰᠠᠨ᠂ | ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢᠶᠠᠷ ᠨᠥᠬᠦᠪᠥᠷᠢ ᠪᠣᠯᠭᠠᠭᠰᠠᠨ ᠬᠠᠶᠢᠷᠤᠪ ᠤᠨ ᠲᠣᠬᠤᠢ | ᠲᠣᠭᠤᠷᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠲᠤ ᠣᠷᠣᠬᠤ ᠨᠣᠷᠮ᠎ᠠ 90 | % ᠳᠤ ᠬᠦᠷᠬᠦ ᠪᠣᠯᠤᠨ᠎ᠠ ᠬᠡᠵᠡᠢ᠃ |