ᠬᠠᠶᠢᠷᠤᠪ ᠤᠨ ᠲᠤᠬᠤᠢ ᠲᠤᠭᠤᠷᠢᠭ ᠤᠨ 6 ᠰᠤᠷᠭᠠᠭᠤᠯᠢ ᠶᠢᠨ ᠤᠷᠠᠨ ᠵᠢᠷᠤᠭ ᠤᠨ ᠪᠠᠭᠰᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠰᠡᠳᠦᠪ ᠢ ᠭᠤᠶᠤᠴᠢᠯᠠᠨ ᠮᠡᠳᠡᠭᠦᠯᠪᠡ
ᠨᠡᠶᠢᠲᠡᠯᠡᠭᠰᠡᠨ ᠴᠠᠭ᠄
2019-12-30
     12 ᠰᠠᠷ᠎ᠠ ᠶᠢᠨ 24᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠳᠦᠪ— ︽ᠪᠠᠭ᠎ᠠ ᠰᠤᠷᠭᠠᠭᠤᠯᠢ ᠶᠢᠨ ᠰᠤᠷᠤᠭᠴᠢᠳ ᠤᠨ D I Y ᠭᠠᠷ ᠤᠶᠢᠯᠡᠤᠡᠭᠡᠯ ᠤᠨ ᠬᠢᠴᠢᠶᠡᠯ ᠤᠨ ᠲᠤᠷᠰᠢᠯᠲᠠ ᠶᠢᠨ ᠰᠤᠳᠤᠯᠤᠯ︾ ᠭᠡᠬᠦ ᠰᠡᠳᠦᠪ ᠬᠠᠶᠢᠷᠤᠪ ᠤᠨ ᠲᠤᠬᠤᠢ ᠲᠤᠭᠤᠷᠢᠭ ᠤᠨ ᠵᠢᠷᠭᠤᠳᠤᠭᠠᠷ ᠪᠠᠭ᠎ᠠ ᠰᠤᠷᠭᠠᠭᠤᠯᠢ ᠶᠢᠨ ᠤᠷᠠᠨ ᠪᠢᠴᠢᠯᠭᠡ ᠶᠢᠨ ᠬᠢᠴᠢᠶᠡᠯ ᠤᠨ ᠭᠡᠷ ᠲᠤ ᠶᠠᠪᠤᠭᠳᠠᠪᠠ᠃      ᠬᠤᠷᠠᠯ ᠳᠡᠭᠡᠷ᠎ᠡ᠂ ᠪᠠᠭᠰᠢ ᠨᠠᠷ ᠰᠡᠳᠦᠪ ᠤᠳ ᠰᠤᠳᠤᠯᠭᠠᠨ ᠤ ᠠᠬᠤᠶ ᠪᠠᠶᠢᠳᠠᠯ᠂ ᠰᠤᠳᠤᠯᠭᠠᠨ ᠤ ᠬᠠᠷᠠᠯᠲᠠ᠂ ᠰᠤᠳᠤᠯᠭᠠᠨ ᠤ ᠠᠭᠤᠯᠭ᠎ᠠ ᠪᠠ ᠠᠴᠢ ᠬᠤᠯᠪᠣᠭᠳᠠᠯ᠂ ᠠᠷᠭ᠎ᠠ ᠪᠠ ᠶᠠᠪᠤᠴᠠ ᠵᠡᠷᠭᠡ ᠠᠴᠠ ᠨᠠᠷᠢᠨ ᠨᠢᠭᠲᠠ ᠲᠠᠨᠢᠯᠴᠠᠭᠤᠯᠵᠠᠶ᠃ ᠬᠤᠲᠠ ᠶᠢᠨ ᠵᠢᠭᠠᠨ ᠰᠤᠳᠤᠯᠬᠤ ᠲᠠᠰᠤᠭ ᠶᠢᠨ ᠯᠢ ᠱᠣ᠋ ᠮᠧᠶ ᠪᠠᠭᠰᠢ ᠰᠡᠳᠦᠪ ᠤᠳ ᠰᠤᠳᠤᠯᠭᠠᠨ ᠤ ᠳᠤᠭᠤᠶᠢᠯᠠᠩ ᠤᠨ ᠪᠦᠷᠢᠯᠳᠦᠬᠦᠨ ᠤ ᠰᠤᠳᠤᠯᠭᠠᠨ ᠤ ᠰᠡᠳᠦᠪ ᠤᠳ ᠲᠤᠬᠠᠶ ᠳᠠᠪᠠᠭᠤᠯᠢᠭ ᠲᠠᠯ᠎ᠠ ᠶᠢ ᠵᠠᠳᠠᠯᠤᠨ ᠰᠢᠨᠵᠢᠯᠡᠵᠦ᠂ ᠰᠤᠳᠤᠯᠭᠠᠨ ᠤ ᠰᠡᠳᠦᠪ ᠤᠳ ᠳᠤᠭᠤᠶᠢᠯᠠᠩ ᠤᠨ ᠪᠠᠭᠰᠢ ᠨᠠᠷ ᠢ ᠪᠦᠯᠬᠦᠮ ᠨᠡᠶᠢᠲᠡ ᠶᠢᠨ ᠬᠠᠮᠵᠢᠯᠴᠠᠭ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠡᠳᠦᠪ ᠢ ᠨᠠᠷᠢᠯᠢᠭ ᠬᠢᠵᠦ᠂ ᠦᠷ᠎ᠡ ᠪᠦᠲᠦᠮᠵᠢ ᠭᠠᠷᠭᠠᠵᠤ᠂ ᠵᠢᠱᠢᠶ᠎ᠡ ᠦᠵᠡᠭᠦᠯᠬᠦ ᠴᠢᠨᠠᠷᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠦᠷᠢᠯᠳᠦᠭᠦᠯᠬᠦ ᠶᠢ ᠬᠦᠰᠡᠪᠡ︔ᠪᠠᠭᠰᠢ ᠨᠠᠷ ᠲᠤ ᠲᠤᠰ ᠪᠡᠶ᠎ᠡ ᠶᠢᠨ ᠳᠠᠪᠠᠭᠤᠯᠢᠭ ᠢᠶᠠᠨ ᠠᠰᠢᠭᠯᠠ᠂ ᠳᠤᠮᠳᠠᠳᠤ ᠤᠯᠤᠰ ‍ᠤᠨ‌ᠤᠯᠠᠮᠵᠢᠯᠠᠯᠲᠤ ᠤᠷᠠᠯᠢᠭ ᠤᠨ ᠬᠡᠯᠪᠡᠷᠢ ᠲᠠᠢ ᠤᠶᠠᠯᠳᠤᠭᠤᠯᠤᠨ᠂ ᠭᠤᠤᠯ ᠰᠡᠳᠦᠪ ᠲᠠᠢ᠂ ᠰᠢᠰᠲ᠋ᠧᠮ ᠲᠠᠢ ᠵᠣᠬᠢᠶᠠᠨ ᠪᠦᠲᠦᠭᠡᠬᠦ ᠪᠠ ᠰᠤᠳᠤᠯᠬᠤ ᠶᠢ ᠰᠠᠨᠠᠭᠤᠯᠤᠶ᠎ᠠ︔ ᠡᠭᠦᠨ ᠤ ᠳᠤ ᠬᠠᠮᠲᠤ ᠰᠤᠷᠤᠭᠴᠢᠳ ᠤᠨ ᠰᠡᠳᠬᠢᠯᠭᠡ ᠶᠢᠨ ᠣᠶᠢᠯᠠᠭᠠᠮᠵᠢ ᠶᠢ ᠴᠢᠬᠤᠯᠠᠴᠢᠯᠠᠵᠤ᠂ ᠰᠤᠷᠤᠭᠴᠢᠳ ᠤᠨ ᠳᠠᠯᠳᠠ ᠬᠦᠴᠦᠨ ᠢ ᠭᠦᠢᠴᠠᠤᠡ ᠠᠭᠤᠳᠠᠯᠬᠤ ᠬᠡᠷᠡᠭᠲᠡᠶ᠃      ᠣᠶᠢᠯᠠᠭᠠᠭᠰᠠᠨ ᠢᠶᠠᠷ᠂ ᠲᠣᠰ ᠤᠳᠠᠭ᠎ᠠ ᠭᠤᠶᠤᠴᠢᠯᠠᠨ ᠮᠡᠳᠡᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠤᠷᠠᠨ ᠵᠢᠷᠤᠭ ᠤᠨ ᠰᠡᠳᠦᠪ ᠪᠣᠯ ᠪᠥᠬᠦ ᠬᠤᠲᠠ ᠶᠢᠨ ᠠᠩᠬᠠᠳᠠᠭᠴᠢ ᠤᠳᠠᠭ᠎ᠠ ᠭᠤᠸ᠎ᠠ ᠰᠠᠶᠢᠬᠠᠨ ᠤ ᠬᠥᠮᠦᠵᠢᠯ ᠤᠨ ᠪᠦᠲᠦᠭᠡᠨ ᠪᠠᠶᠢᠭᠤᠯᠤᠯᠲᠠ ᠪᠠᠷ ᠡᠬᠢᠯᠡᠯᠲᠡ ᠶᠢᠨ ᠴᠡᠭ ᠪᠣᠯᠭᠠᠭᠰᠠᠨ ᠰᠡᠳᠦᠪ ᠪᠣᠯᠤᠨ᠎ᠠ ᠮᠥᠨ ᠴᠦ ᠬᠠᠶᠢᠷᠤᠪ ᠤᠨ ᠲᠤᠬᠤᠢ ᠲᠤᠭᠤᠷᠢᠭ ᠤᠨ 6 ᠰᠤᠷᠭᠠᠭᠤᠯᠢ ᠪᠠ ᠬᠠᠶᠢᠷᠤᠪ ᠤᠨ ᠲᠤᠬᠤᠢ ᠲᠤᠭᠤᠷᠢᠭ ᠤᠨ ᠵᠢᠭᠠᠨ ᠰᠤᠳᠤᠯᠬᠤ ᠲᠠᠰᠤᠭ ᠢ ᠨᠡᠶᠢᠯᠡᠭᠦᠯᠵᠦ ᠬᠤᠯᠪᠣᠭᠠᠨ ᠳᠤ ᠣᠷᠣᠭᠤᠯᠤᠭᠰᠠᠨ ᠨᠢᠭᠡ ᠰᠡᠳᠦᠪ ᠪᠣᠯᠤᠨ᠎ᠠ᠂ ᠰᠡᠳᠦᠪ ᠢ ᠠᠮᠵᠢᠯᠲᠠ ᠲᠠᠢ ᠥᠷᠨᠢᠭᠦᠯᠦᠭᠰᠡᠨ ᠠᠴᠠ ᠮᠠᠨ ᠤ ᠬᠤᠲᠠ ᠶᠢᠨ 6 ᠰᠤᠷᠭᠠᠭᠤᠯᠢ ᠶᠢᠨ 6000 ᠭᠠᠷᠤᠶ ᠰᠤᠷᠤᠭᠴᠢ ᠠᠰᠢᠭ ᠬᠦᠷᠲᠡᠬᠦ ᠪᠣᠯᠤᠨ᠎ᠠ᠃  
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号