ᠪᠠᠶᠢᠭᠤᠯᠭ᠎ᠠ ᠶᠢᠨ ᠠᠵᠢᠯ ᠤᠨ ᠬᠤᠷᠢᠶ᠎ᠠ ᠤᠯᠤᠰ ᠪᠠᠶᠢᠭᠤᠯᠤᠭᠳᠠᠬᠤ ᠶᠢᠨ ᠡᠮᠦᠨ᠎ᠡ ᠬᠤᠶᠢᠨᠠᠬᠢ 26 ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2019-12-31
     2020 ᠤᠨ ᠰᠢᠨ᠎ᠡ ᠵᠢᠯ ᠬᠦᠷᠴᠦ ᠢᠷᠡᠬᠦ ᠲᠠᠰᠢᠷᠠᠮ ᠢᠶᠠᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠵᠢᠨ‌ᠵᠥ᠋ᠪᠯᠡᠯ ᠤᠯᠤᠰ ᠪᠠᠶᠢᠭᠤᠯᠤᠭᠳᠠᠬᠤ ᠶᠢᠨ ᠡᠮᠦᠨ᠎ᠡ ᠬᠤᠶᠢᠨᠠᠬᠢ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠬᠤ ᠠᠵᠢᠯ ᠢ ᠦᠨᠡᠨᠬᠦ ᠰᠠᠶᠢᠲᠤᠷ ᠬᠢᠪᠡ᠃ ᠬᠠᠷᠭᠤᠭᠤᠯᠤᠨ ᠲᠣᠳᠣᠯᠠᠭᠰᠠᠨ ᠤ ᠳ᠋ᠦᠩ ᠳᠤ᠂ ᠡᠨᠡ ᠵᠢᠯ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠰᠢᠨ᠎ᠡ ᠪᠠᠷ 6 ᠬᠥᠮᠥᠨ ᠨᠡᠮᠡᠭᠳᠡᠵᠦ᠂ ᠤᠯᠤᠰ ᠪᠠᠶᠢᠭᠤᠯᠤᠭᠳᠠᠭᠰᠠᠨ ᠤ ᠳᠠᠷᠠᠭ᠎ᠠ ᠨᠡᠶᠢᠲᠡ 26 ᠠᠬᠠᠮᠠᠳ ᠨᠠᠮ ᠤᠨ ᠭᠡᠰᠢᠭᠦᠨ ᠨᠡᠮᠡᠭᠳᠡᠵᠡᠶ᠃
     ᠲᠤᠭᠤᠷᠢᠭ ᠤᠨ ᠨᠠᠮ ᠤᠨ ᠬᠤᠷᠢᠶᠠᠨ ᠤ ᠨᠠᠶᠢᠳᠠᠯᠭ᠎ᠠ ᠪᠠᠷ᠂ 2019 ᠤᠨ‌‍ᠤ 12 ᠰᠠᠷ᠎ᠠ ᠶᠢᠨ 30᠎ ᠤ ᠡᠳᠦᠷ ᠠᠴᠠ ᠡᠬᠢᠯᠡᠨ᠂ ᠪᠠᠶᠢᠭᠤᠯᠤᠯᠭ᠎ᠠ ᠶᠢᠨ ᠠᠵᠢᠯ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ 26 ᠠᠬᠠᠮᠠᠳ ᠨᠠᠮ ᠤᠨ ᠭᠡᠰᠢᠭᠦᠨ ᠢ ᠵᠠᠯᠭᠠᠭ᠎ᠠ ᠪᠠᠷ ᠲᠣᠬᠤᠨᠢᠭᠤᠯᠪᠠ᠃ 30᠎ ᠤ ᠦᠳᠡ ᠬᠤᠶᠢᠨ᠎ᠠ᠂ ᠪᠠᠶᠢᠭᠤᠯᠤᠯᠭ᠎ᠠ ᠶᠢᠨ ᠠᠵᠢᠯ ᠶᠢᠨ ᠬᠤᠷᠢᠶᠠᠨ ᠤ ᠱᠦᠵᠢ ᠲᠢᠶᠠᠨ ᠪᠦᠦ ᠾᠧ ᠪᠦᠯᠬᠦᠮ ᠳᠠᠭᠠᠭᠤᠯᠪᠠ᠂ ᠳᠡᠳ᠋ ᠱᠦᠵᠢ ᠦ᠋ ᠵᠠᠨ ᠺᠦᠶ ᠪᠠᠷ᠎ᠠ ᠪᠣᠯᠵᠤ᠂ ᠤᠷᠢᠳ ᠬᠤᠵᠢᠳ ᠢ ᠯᠢᠨ B ᠲᠣᠭᠤᠷᠢᠭ᠂ ᠪᠦᠸᠧ ᠲᠠᠢ ᠵᠢᠶᠠ ᠶᠤᠸᠠᠨ᠂ᠬᠠᠭᠤᠴᠢᠨ ᠭᠠᠵᠠᠷ ᠰᠢᠷᠣᠶ ᠶᠢᠨ ᠲᠣᠪᠴᠢᠶ᠎ᠠ ᠶᠢᠨ ᠣᠷᠣᠨ ᠰᠠᠭᠤᠴᠠ ᠶᠢᠨ ᠠᠰᠠᠷ ᠲᠤ ᠭᠦᠨᠵᠡᠭᠡᠶᠢᠷᠡᠨ ᠤᠯᠤᠰ ᠪᠠᠶᠢᠭᠤᠯᠤᠭᠳᠠᠭᠰᠠᠨ ᠤ ᠳᠠᠷᠠᠭᠠᠬᠢ 3 ᠠᠬᠠᠮᠠᠳ ᠨᠠᠮ ᠤᠨ ᠭᠡᠰᠢᠭᠦᠨ ᠢ ᠲᠣᠰ ᠲᠣᠰ ᠭᠡᠷ ᠲᠦᠨᠢ ᠬᠦᠷᠴᠦ ᠲᠣᠬᠤᠨᠢᠭᠤᠯᠵᠤ᠂ ᠲᠡᠳᠡᠨ ᠳᠤ 2019 ᠤᠨ‌ᠠᠬᠠᠮᠠᠳ ᠨᠠᠮ ᠤᠨ ᠭᠡᠰᠢᠭᠦᠨ ᠳᠤ ᠲᠣᠰ ᠲᠣᠰ 1000 ᠲᠥᠭᠦᠷᠢᠭ ᠤᠨ ᠨᠥᠬᠦᠪᠥᠷᠢ ᠮᠥᠩᠭᠦ ᠬᠦᠷᠭᠡᠵᠡᠶ᠃      ᠲᠣᠬᠤᠨᠢᠭᠤᠯᠬᠤ ᠬᠡᠪᠴᠢᠶ᠎ᠡ ᠠᠬᠠᠮᠠᠳ ᠨᠠᠮ ᠤᠨ ᠭᠡᠰᠢᠭᠦᠨ ᠤ ᠳᠣᠲᠣᠷ᠎ᠠ ᠨᠠᠰᠤ ᠪᠠᠷ ᠬᠠᠮᠤᠭ ᠶᠡᠭᠡ ᠨᠢ 87 ᠨᠠᠰᠤᠲᠠᠶ᠂ ᠬᠠᠮᠤᠭ ᠪᠠᠭ᠎ᠠ ᠨᠢ 75 ᠨᠠᠰᠤᠲᠠᠶ᠂ ᠲᠡᠳᠡ ᠨᠠᠷ ᠤᠨ ᠳᠤᠮᠳᠠ ᠬᠦᠷᠬᠦ ᠪᠦᠷᠢ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠢ ᠨᠠᠷᠢᠨ ᠣᠶᠢᠯᠠᠭᠠᠵᠤ᠂ ᠲᠡᠳᠡᠨ ᠳᠤ ᠮᠥᠩᠭᠦ ᠬᠦᠷᠭᠡᠵᠦ᠂ ᠲᠡᠳᠡᠨ ᠢ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠲᠠᠢ᠂ ᠢᠳᠡᠪᠬᠢᠲᠡᠢ ᠪᠠᠶᠠᠷ ᠬᠥᠷ ᠲᠠᠢ ᠠᠮᠢᠳᠤᠷᠠᠭᠤᠯᠬᠤ ᠶᠢᠨ ᠬᠠᠮᠲᠤ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠳᠡᠭ᠃     ᠠᠬᠠᠮᠠᠳ ᠨᠠᠮ ᠤᠨ ᠭᠡᠰᠢᠭᠦᠨ ᠨᠠᠮ ᠤᠨ ᠤᠶᠢᠯᠡᠰ ᠲᠤ ᠨᠢᠭᠡ ᠨᠠᠰᠤ ᠪᠠᠷ ᠢᠶᠠᠨ ᠬᠤᠪᠢ ᠨᠡᠮᠡᠷᠢ ᠦᠵᠡᠭᠦᠯᠬᠦ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠃ ᠡᠷᠭᠢᠨ ᠦᠵᠡᠵᠦ ᠲᠣᠬᠤᠨᠢᠭᠤᠯᠬᠤ ᠪᠠᠷ ᠳᠠᠮᠵᠢᠨ᠂ ᠠᠬᠠᠮᠠᠳ ᠨᠠᠮ ᠤᠨ ᠭᠡᠰᠢᠭᠦᠨ ᠯᠦᠭᠡ ᠶᠢᠨ ᠵᠠᠶ ᠶᠢ ᠤᠯᠠᠮ ᠴᠢᠨᠠᠭᠰᠢᠳᠠ ᠣᠶᠢᠷᠠᠲᠤᠭᠤᠯᠵᠤ᠂ ᠠᠬᠠᠮᠠᠳ ᠨᠠᠮ ᠤᠨ ᠭᠡᠰᠢᠭᠦᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠭᠤᠨ ᠳᠤᠯᠠᠭᠠᠨ ᠢ‌ᠮᠡᠳᠡᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠮᠡᠨᠳᠦᠴᠢᠯᠡᠯ ᠢ ᠠᠬᠠᠮᠠᠳ ᠨᠠᠮ ᠤᠨ ᠭᠡᠰᠢᠭᠦᠨ ᠤ ᠰᠡᠳᠬᠢᠯ ᠳᠤ ᠬᠦᠷᠭᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠪᠣᠳᠠᠲᠠᠶ ᠳᠤ ᠨᠠᠶᠢᠳᠠᠪᠤᠷᠢᠵᠢᠭᠤᠯᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号