ᠬᠠᠶᠢᠷᠤᠪ ᠤᠨ ᠲᠣᠬᠤᠢ ᠲᠣᠭᠤᠷᠢᠭ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠥᠮᠦᠵᠢᠯ ᠤᠨ ᠠᠵᠢᠯᠯᠠᠭ᠎ᠠ ᠡᠷᠬᠢᠯᠡᠵᠦ ᠢᠯᠵᠠᠷᠡᠯ ᠢ ᠲᠡᠪᠴᠢᠬᠦ ᠦᠵᠡᠯ ᠰᠠᠨᠠᠭ᠎ᠠ‌‍ᠶᠢᠨ‌‍ᠰᠡᠷᠭᠡᠶᠢᠯᠡᠯᠲᠡ ᠶᠢᠨ ᠱᠤᠭᠤᠮ ᠢ ᠴᠣᠭᠴᠠᠯᠠᠨ ᠪᠠᠶᠢᠭᠤᠯᠪᠠ
ᠨᠡᠶᠢᠲᠡᠯᠡᠭᠰᠡᠨ ᠴᠠᠭ᠄
2019-12-04
     8 ᠳ᠋ᠤᠭᠠᠷ ᠰᠠᠷ᠎ᠠ ᠶᠢᠨ 6᠎ ᠤ ᠡᠳᠦᠷ ᠠᠴᠠ 7᠎ ᠤ ᠡᠳᠦᠷ ᠪᠣᠯᠲᠠᠯ᠎ᠠ᠂ ᠬᠠᠶᠢᠷᠤᠪ ᠤᠨ ᠲᠣᠬᠤᠢ ᠲᠣᠭᠤᠷᠢᠭ ᠪᠥᠬᠦ ᠣᠷᠣᠨ ᠤ ᠰᠠᠯᠠᠭᠠᠨ ᠲᠡᠰ ᠤᠨ ᠤᠳᠤᠷᠢᠳᠬᠤ ᠺᠠᠳ᠋ᠷ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ‍ᠤᠨ‌ᠠᠵᠢᠯᠯᠠᠭ᠎ᠠ ᠶᠢ ᠡᠷᠬᠢᠯᠡᠵᠦ᠂ ᠠᠵᠢᠯᠯᠠᠭ᠎ᠠ ᠨᠢ ᠨᠢᠭᠡ ᠡᠳᠦᠷ ᠬᠠᠭᠠᠰ ᠶᠠᠪᠤᠭᠳᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠪᠠᠯᠭᠠᠰᠤ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠭᠤᠷᠢᠭ ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ᠂ ᠬᠤᠶᠠᠳᠤᠭᠠᠷ ᠲᠡᠰ ‍ᠤᠨ‌ᠠᠵᠢᠯ ᠦᠢᠯᠡᠰ ᠤᠨ ᠨᠢᠭᠡᠴᠡ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ 49 ᠨᠢᠭᠡᠴᠡ ᠶᠢᠨ 201 ᠨᠡᠷᠡᠰ ᠲᠡᠰ ᠤᠨ ᠤᠳᠤᠷᠢᠳᠬᠤ ᠺᠠᠳ᠋ᠷ ᠭᠤᠷᠪᠠᠨ ᠪᠦᠯᠦᠭ ᠬᠤᠪᠢᠶᠠᠨ ᠣᠷᠣᠯᠴᠠᠵᠠᠶ᠃     8 ᠰᠠᠷ᠎ᠠ ᠶᠢᠨ 6᠎ ᠤ ᠡᠳᠦᠷ᠂ ᠨᠢᠭᠡᠳᠦᠭᠡᠷ ᠪᠦᠯᠦᠭ ᠤᠨ 80 ᠭᠠᠷᠤᠶ ᠺᠠᠳ᠋ᠷ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠡᠷᠡᠭ ᠰᠢᠢᠤᠡᠪᠤᠷᠢᠯᠡᠬᠦ ᠲᠣᠭᠤᠷᠢᠭ ᠲᠤ ᠲᠣᠭᠤᠷᠢᠨ ᠦᠵᠡᠭᠰᠡᠨ ᠤ ᠬᠠᠮᠲᠤ᠂ ᠰᠦᠯᠵᠢᠶ᠎ᠡ ᠪᠠᠷ ᠨᠡᠪᠲᠡᠷᠡᠭᠦᠯᠵᠦ ᠪᠠᠶᠢᠭ᠎ᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠦᠯᠵᠢᠶᠡᠨ ᠳᠡᠭᠡᠷᠡᠬᠢ 3 D ᠴᠢᠬᠡᠴᠢ ᠵᠠᠰᠠᠭ ᠤᠨ ᠬᠥᠮᠦᠵᠢᠯ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠪᠡ᠃     ᠳᠠᠷᠠᠭ᠋ ᠨᠢ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠵᠢᠴᠢ ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ‌‍ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠪᠠᠶᠢᠳᠠᠯ ᠢ ᠵᠠᠷᠯᠠᠨ ᠵᠠᠳᠠᠯᠪᠠ᠃ ᠡᠭᠦᠨ ᠤ ᠬᠠᠮᠲᠤ᠂ ᠪᠦᠬᠦ ᠲᠤᠭᠤᠷᠢᠭ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠣᠰ ᠤᠳᠠᠭ᠎ᠠ ᠶᠢᠨ ᠴᠢᠬᠡᠴᠢ ᠵᠠᠰᠠᠭ ᠤᠨ ᠰᠡᠷᠡᠮᠵᠢ ᠶᠢᠨ ᠬᠥᠮᠦᠵᠢᠯ ᠤᠨ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠠᠤᠡ ᠲᠠᠨᠢᠬᠤ ᠬᠡᠷᠡᠭᠲᠡᠶ᠃ ᠴᠢᠬᠡᠴᠢ ᠪᠠᠶᠢᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ᠠᠷᠢᠭᠤᠨ ᠴᠢᠬᠡᠴᠢ ᠪᠠᠶᠢᠬᠤ ᠤᠬᠠᠮᠰᠠᠷ ᠢᠶᠠᠨ ᠪᠠᠲᠤᠳᠬᠠᠵᠤ᠂ ᠲᠣᠭᠲᠠᠭᠤᠨ ᠰᠡᠳᠬᠢᠯᠭᠡ᠂ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠢᠶᠠᠷ ᠬᠡᠷᠡᠭ ᠤᠴᠢᠷ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠢᠯᠵᠠᠷᠡᠯ ᠢ ᠲᠡᠪᠴᠢᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢᠶᠠᠨ ᠪᠠᠬᠢᠵᠢᠭᠦᠯᠵᠦ᠂ ᠡᠯ᠎ᠡ ᠵᠤᠶᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠴᠠᠭ ᠢᠮᠠᠭᠲᠠ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ︽ᠳᠥᠷᠪᠡᠨ ᠤᠬᠠᠮᠰᠠᠷ︾᠎ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠶ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠶᠢᠨ ᠬᠠᠷᠢᠭᠤᠴᠠᠯᠭ᠎ᠠ ᠶᠢᠨ ᠳᠦᠷᠢᠮ ᠪᠣᠯᠤᠨ︽ᠨᠢᠭᠡ ᠠᠵᠢᠯ ᠶᠢᠨ ᠪᠠᠶᠢᠷᠢ ᠬᠤᠤᠰ ᠬᠠᠷᠢᠭᠤᠴᠠᠯᠭ᠎ᠠ︾᠎ ᠶᠢ ᠴᠢᠩᠭ᠎ᠠ ᠭᠦᠢᠴᠠᠤᠡᠭᠡᠵᠤ᠂ ᠴᠢᠬᠡᠴᠢ ᠵᠠᠰᠠᠭ ᠤᠨ ᠠᠵᠢᠯ ᠪᠣᠯᠤᠨ ᠲᠤᠬᠠᠶᠢᠯᠠᠭᠰᠠᠨ ᠠᠵᠢᠯ ᠢ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠲᠣᠬᠢᠷᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠵᠣᠷᠢᠭᠲᠠᠶ ᠠᠳᠬᠤᠵᠤ ᠵᠣᠷᠢᠭᠲᠠᠶ ᠬᠠᠮᠢᠶᠠᠷᠴᠤ᠂ ᠦᠨᠡᠨᠬᠦ ᠠᠳᠬᠤᠵᠤ ᠦᠨᠡᠨᠬᠦ ᠬᠠᠮᠢᠶᠠᠷᠴᠤ᠂ ᠴᠢᠩᠭ᠎ᠠ ᠠᠳᠬᠤᠵᠤ ᠴᠢᠩᠭ᠎ᠠ ᠬᠠᠮᠢᠶᠠᠷᠴᠤ᠂ᠬᠠᠮᠲᠤ ᠨᠠᠮ ᠤᠨ ᠭᠡᠰᠢᠭᠦᠨ ᠤ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠦ ᠶᠢᠨ ᠤᠭ ᠲᠦᠷᠢ ᠢ ᠪᠡᠶᠡᠯᠡᠭᠦᠯᠵᠦ᠂ ᠺᠠᠳ᠋ᠷ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠬᠠᠮᠲᠤᠪᠠᠷ ᠠᠬᠢᠭᠤᠯᠬᠤ ᠬᠡᠷᠡᠭᠲᠡᠶ᠃    ᠦᠯᠳᠡᠭᠰᠡᠨ 110 ᠭᠠᠷᠤᠶ ᠰᠠᠯᠠᠭᠠᠨ ᠲᠡᠰ ᠤᠨ ᠤᠳᠤᠷᠢᠳᠬᠤ ᠺᠠᠳ᠋ᠷ ᠲᠣᠰ ᠲᠣᠰ 8 ᠰᠠᠷ᠎ᠠ ᠶᠢᠨ 7᠎ ᠤ ᠡᠳᠦᠷ ᠤᠨ ᠦᠳᠡ ᠶᠢᠨ ᠡᠮᠤᠨ᠎ᠡ ᠬᠤᠶᠢᠨ᠎ᠠ‌‍ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号