ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠷᠠᠳ ᠲᠤ ᠠᠰᠢᠭ ᠬᠦᠷᠲᠡᠭᠡᠬᠦ ᠮᠡᠳᠡᠭᠡ ᠵᠠᠩᠭᠢ ᠶᠢ ᠢᠯᠠ ᠪᠣᠯᠭᠠᠬᠤ ᠠᠵᠢᠯ ᠢ ᠭᠦᠨᠵᠡᠭᠡᠶ ᠠᠬᠢᠭᠤᠯᠪᠠ
ᠨᠡᠶᠢᠲᠡᠯᠡᠭᠰᠡᠨ ᠴᠠᠭ᠄
2019/12/4
     ᠦᠨᠳᠦᠰᠦᠨ ᠱᠠᠲᠤᠨ ᠤ ︽ᠭᠤᠷᠪᠠᠨ ᠶᠠᠪᠤᠳᠠᠯ︾᠎ ᠢ ᠢᠯᠡ ᠪᠣᠯᠭᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠠᠷᠠᠳ ᠣᠯᠠᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ‌‍ᠪᠣᠯᠤᠨ ᠠᠷᠠᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠳᠥᠭᠦᠮ ᠳᠥᠲᠡ ᠪᠠᠶᠢᠴᠠᠭᠠᠨ ᠯᠠᠪᠯᠠᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠠᠷᠠᠳ ᠲᠤ ᠠᠰᠢᠭ ᠬᠦᠷᠲᠡᠭᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠨᠡᠭᠡᠭᠡᠨ ᠬᠥᠭᠵᠢᠭᠦᠯᠵᠦ᠂ ᠪᠢᠴᠢᠯ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠳ᠋ᠤᠭᠠᠷ ᠶᠢᠨ ᠦᠷᠭᠡᠳᠴᠠ ᠶᠢ ᠠᠰᠢᠭᠯᠠ᠂ ᠲᠠᠪᠴᠠᠩ ᠤᠨ ᠲᠤᠭ᠎ᠠ ᠪᠠᠷᠢᠮᠲᠠ ᠶᠢ ᠭᠠᠳᠠᠭᠰᠢ ᠢᠯᠡ ᠪᠣᠯᠭᠠᠪᠠ᠃ ᠰᠠᠭᠤᠭᠠᠯᠢ ᠠᠷᠠᠳ ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠸᠢᠴᠠᠲ ᠤᠨ ᠨᠡᠶᠢᠲᠡ ᠶᠢᠨ ᠳ᠋ᠤᠭᠠᠷ ᠪᠤᠶᠤ ᠰᠢᠭᠤᠳ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠸᠢᠴᠠᠲ ᠤᠨ ᠨᠡᠶᠢᠲᠡ ᠶᠢᠨ ᠨᠣᠮᠧᠷ ᠢᠶᠠᠷ ᠳᠠᠮᠵᠢᠭᠤᠯᠤᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠢᠴᠢ ᠪᠠᠯᠠ ᠮᠥᠩᠭᠦ ᠶᠢᠨ ᠪᠠᠶᠢᠳᠠᠯ ᠢ ᠪᠠᠶᠢᠴᠠᠭᠠᠨ ᠦᠵᠡᠵᠦ᠂ ᠸᠢᠴᠠᠲ ᠤᠨ ᠨᠡᠶᠢᠲᠡ ᠶᠢᠨ ᠳ᠋ᠤᠭᠠᠷ ᠤᠨ ᠬᠡᠷᠡᠭᠯᠡᠭᠡᠨ ᠤ ᠴᠢᠨᠠᠷ ᠢ ᠴᠢᠩᠭᠠᠷᠠᠭᠤᠯᠵᠤ ᠪᠣᠯᠤᠨ᠎ᠠ᠃      ᠣᠳᠣᠬᠠᠨ ᠳᠤ᠂ ᠠᠷᠠᠳ ᠲᠤ ᠠᠰᠢᠭ ᠬᠦᠷᠲᠡᠭᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠢᠯᠡ ᠪᠣᠯᠭᠠᠬᠤ ᠵᠤᠶᠢᠯᠡᠰ ᠲᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠨᠥᠬᠦᠪᠥᠷᠢ᠂ ᠳᠤᠯᠠᠭᠠᠯᠠᠭ᠎ᠠ ᠶᠢᠨ ᠨᠦᠭᠦᠪᠤᠷᠢ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ 4 ᠵᠤᠶᠢᠯ ᠤᠨ ᠠᠭᠤᠯᠭ᠎ᠠ ᠪᠠᠶᠢᠵᠤ᠂ 2013 ᠣᠨ ᠠᠴᠠ ᠤᠳᠤ ᠪᠣᠯᠲᠠᠯᠠᠬᠢ 20 ᠲᠦᠮᠡ ᠰᠢᠬᠠᠮ ᠵᠤᠷᠪᠤᠰ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢᠨ ᠲᠤᠭ᠎ᠠ ᠪᠠᠷᠢᠮᠲᠠ ᠶᠢ ᠪᠦᠬᠦᠨ ᠢ ᠢᠯᠡ ᠪᠣᠯᠭᠠᠪᠠ᠃ ᠰᠠᠭᠤᠭᠠᠯᠢ ᠠᠷᠠᠳ ᠭᠡᠷ ᠠᠴᠠ ᠪᠠᠨ ᠭᠠᠷᠬᠤ ᠦᠭᠡᠢ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠵᠤ ᠪᠣᠯᠬᠤ ᠮᠥᠷᠲᠡᠭᠡᠨ ᠪᠠᠰᠠ ᠬᠠᠷᠢᠶ᠎ᠠ ᠣᠷᠣᠨ ᠤ ᠳᠣᠲᠣᠷᠠᠬᠢ ᠠᠷᠠᠳ ᠲᠤ ᠠᠰᠢᠭ ᠬᠦᠷᠲᠡᠭᠡᠬᠦ ᠪᠠᠯᠠ ᠮᠥᠩᠭᠦ ᠣᠯᠭᠤᠭᠰᠠᠨ ᠪᠠᠶᠢᠳᠠᠯ ᠢ ᠤᠨ᠂ ᠰᠠᠷ᠎ᠠ ᠶᠢᠨ ᠶᠣᠰᠣᠭᠠᠷ ᠣᠨᠣᠪᠴᠢᠲᠠᠶ ᠪᠠᠶᠢᠴᠠᠭᠠᠨ ᠯᠠᠪᠯᠠᠵᠤ᠂ ᠪᠠᠯᠠ ᠮᠥᠩᠭᠦ ᠠᠪᠬᠤ ᠪᠠᠷᠢᠮᠵᠢᠶ᠎ᠠ ᠳᠤ ᠥᠯᠥ ᠨᠡᠶᠢᠴᠡᠬᠦ ᠰᠠᠭᠤᠭᠠᠯᠢ ᠠᠷᠠᠳ ᠢ ᠰᠦᠯᠵᠢᠶᠡᠨ ᠳᠡᠭᠡᠷ᠎ᠡ ᠨᠠᠷᠢᠯᠢᠭ ᠣᠨᠣᠴᠠᠲᠠᠶ ᠪᠠᠷ ᠢᠯᠡᠴᠢᠯᠡᠨ ᠮᠡᠳᠡᠭᠦᠯᠵᠦ᠂ ᠡᠭᠦᠨ ᠢᠶᠠᠷ ᠳᠠᠮᠵᠢᠭᠤᠯᠤᠨ ᠢᠯᠡ ᠪᠣᠯᠭᠠᠬᠤ᠂ ᠵᠠᠭᠠᠯᠳᠤᠬᠤ᠂ ᠰᠢᠢᠤᠡᠪᠤᠷᠢᠯᠡᠬᠦ ᠶᠢ ᠨᠢᠭᠡ ᠴᠣᠭᠴᠠᠵᠢᠭᠤᠯᠤᠭᠰᠠᠨ ᠣᠯᠠᠨ ᠲᠦᠮᠡᠨ ᠬᠢᠨᠠᠯᠲᠠ ᠲᠠᠯᠪᠢᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠣᠯᠤᠨ᠎ᠠ᠃ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠤᠭ᠎ᠠ ᠪᠠᠷᠢᠮᠲᠠ ᠶᠢ ᠢᠯᠡ ᠪᠣᠯᠭᠠᠬᠤ ᠶᠠᠪᠤᠴᠠ ᠳᠤ ᠰᠢᠰᠲ᠋ᠧᠮ ᠤᠨ ᠬᠢᠨ ᠰᠠᠭᠤᠭᠠᠯᠢ ᠠᠷᠠᠳ ᠤᠨ ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠢᠭᠤᠴᠠᠯᠠᠨ ᠰᠢᠢᠤᠡᠪᠤᠷᠢᠯᠡᠬᠦ ᠬᠡᠷᠡᠭᠲᠡᠶ᠃      ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠳᠤᠣᠷ᠎ᠠ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠣᠰ ᠲᠣᠰ ᠤᠨ ᠵᠢᠷᠭᠢᠶ᠎ᠡ ᠶᠢᠨ ᠣᠯᠠᠨ ᠨᠡᠶᠢᠲᠡ ᠶᠢᠨ ᠳ᠋ᠤᠭᠠᠷ ᠲᠤ ᠠᠷᠠᠳ ᠤᠨ ᠲᠥᠯᠥᠭᠡ ᠤᠶᠢᠯᠡᠴᠢᠯᠡᠬᠦ ᠪᠡᠯᠡ ᠮᠥᠩᠭᠦᠨ ᠤ ᠪᠤᠯᠤᠩ ᠭᠠᠷᠭᠠᠵᠤ᠂ ᠠᠷᠠᠳ ᠤᠨ ᠲᠥᠯᠥᠭᠡ ᠤᠶᠢᠯᠡᠴᠢᠯᠡᠬᠦ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠢ ᠢᠯᠠ ᠪᠣᠯᠭᠠᠵᠤ᠂ ᠬᠤᠭ ᠨᠣᠪᠰᠢ᠂ ᠰᠠᠭᠤᠭᠠᠯᠢ ᠠᠷᠠᠳ ᠤᠨ ᠲᠣᠭᠤᠷᠢᠭ ᠤᠨ ᠵᠠᠮ ᠢ ᠬᠠᠲᠠᠭᠤᠷᠠᠭᠤᠯᠬᠤ᠂ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠵᠠᠷᠤᠯᠭ᠎ᠠ ᠶᠢ ᠨᠡᠶᠢᠭᠡᠮ ᠳᠤ ᠢᠯᠠ ᠪᠣᠯᠭᠠᠵᠤ᠂ ᠨᠢᠭᠡ ᠲᠠᠯ᠎ᠠ ᠪᠠᠷ ᠠᠷᠠᠳ ᠤᠨ ᠲᠥᠯᠥᠭᠡ ᠪᠡᠯᠡ ᠮᠥᠩᠭᠦ ᠶᠢ ᠬᠡᠷᠡᠭᠯᠡᠬᠦ ᠳᠤ ᠣᠯᠠᠨ ᠨᠡᠶᠢᠲᠡ ᠶᠢᠨ ᠬᠢᠨᠠᠯᠲᠠ ᠲᠠᠯᠪᠢᠵᠤ᠂ ᠨᠥᠭᠦᠭᠡ ᠲᠠᠯ᠎ᠠ ᠪᠠᠷ ᠠᠷᠠᠳ ᠣᠯᠠᠨ ᠳᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠬᠦᠷᠢᠶᠡᠨ ᠳᠤ ᠭᠠᠷᠭᠠᠭᠰᠠᠨ ᠴᠢᠷᠮᠠᠶᠢᠯᠭ᠎ᠠ ᠶᠢ ᠤᠶᠢᠯᠭᠠᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠤᠯᠤᠰ ᠲᠥᠷᠦ ᠶᠢᠨ ᠠᠮᠢ ᠠᠬᠤᠶ ᠶᠢ ᠴᠡᠪᠡᠷᠰᠢᠭᠦᠯᠵᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号