ᠴᠡᠭᠡᠯ ᠠᠭᠤᠯᠠ ᠪᠠᠯᠭᠠᠰᠤᠨ ᠤ ᠣᠨᠴᠠᠯᠢᠭᠲᠤ ᠠᠵᠤ ᠤᠶᠢᠯᠡᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2019-12-04
    ᠬᠠᠶᠢᠷᠤᠪ ᠤᠨ ᠲᠣᠬᠤᠢ ᠲᠣᠭᠤᠷᠢᠭ ᠤᠨ ᠬᠤᠶᠢᠳᠤ ᠬᠡᠰᠡᠭ ᠲᠤ ᠪᠠᠶᠢᠷᠢᠯᠠᠵᠤ ᠪᠠᠶᠢᠭ᠎ᠠ ᠴᠡᠭᠡᠯ ᠠᠭᠤᠯᠠ ᠪᠠᠯᠭᠠᠰᠤ ᠭᠤᠤᠯ ᠬᠤᠲᠠ ᠶᠢᠨ ᠲᠣᠭᠤᠷᠢᠭ ᠲᠠᠢ ᠬᠥᠷᠰᠢᠯᠡᠵᠦ ᠪᠠᠶᠢᠭ᠎ᠠ ᠥᠪᠡᠷᠮᠢᠴᠡ ᠭᠠᠵᠠᠷ ᠵᠦᠶ ᠶᠢᠨ ᠳᠠᠪᠠᠭᠤᠯᠢᠭ ᠲᠠᠭᠠᠨ ᠲᠦᠰᠢᠭᠯᠡᠵᠦ᠂ ︽ᠵᠤᠭᠠᠴᠠᠯ + ᠲᠠᠷᠢᠶᠠᠯᠠᠩ︾᠎ ᠤᠨ ᠰᠢᠨ᠎ᠡ ᠪᠠᠷ ᠮᠠᠨᠳᠤᠭᠰᠠᠨ ᠲᠠᠷᠢᠶᠠᠯᠠᠩ ᠤᠨ ᠠᠵᠤ ᠦᠢᠯᠡᠰ ᠤᠨ ᠵᠠᠭᠪᠤᠷ ᠢ ᠪᠦᠬᠦ ᠬᠦᠴᠦᠨ ᠢᠶᠠᠷ ᠢᠶᠠᠨ ᠪᠤᠶᠢᠵᠢᠭᠤᠯᠵᠤ᠂ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠬᠦᠴᠦᠷᠬᠡᠭ ᠶᠡᠭᠡ ᠠᠵᠤ ᠦᠢᠯᠡᠰ ᠤᠨ ᠰᠠᠭᠤᠷᠢ ᠶᠢ ᠬᠠᠩᠭᠠᠨ᠎ᠠ᠃      ᠴᠡᠭᠡᠯ ᠠᠭᠤᠯᠠ ᠪᠠᠯᠭᠠᠰᠤᠨ ᠤ ᠲᠤᠸᠠᠨ ᠵᠢᠶᠧ ᠰᠢᠨ᠎ᠡ ᠲᠣᠰᠬᠤᠨ ᠪᠣᠯᠤᠨ ᠲᠥᠩ ᠹᠦ᠋  ᠬᠤᠷᠰᠢᠶ᠎ᠠ ᠶᠢᠨ ᠳᠣᠲᠣᠷ᠎ᠠ᠂ ᠡᠯ᠎ᠡ ᠵᠤᠶᠢᠯ ᠤᠨ ᠭᠤᠸᠠ ᠵᠢᠮᠢᠰ ᠨᠢᠭᠡᠨᠲᠡ ᠪᠣᠯᠪᠠᠰᠤᠷᠠᠭᠰᠠᠨ ᠪᠣᠯᠪᠠᠴᠤ ᠠᠳᠡᠬᠢ ᠠᠵᠢᠯᠲᠠᠳ ᠬᠠᠷᠢᠨ ᠲᠡᠭᠦᠬᠦ᠂ ᠪᠣᠷᠣᠯᠠᠭᠤᠯᠬᠤ ᠦᠭᠡᠢ ᠪᠠᠶᠢᠯ᠎ᠠ᠃ ᠴᠡᠭᠡᠯ ᠠᠭᠤᠯᠠ ᠪᠠᠯᠭᠠᠰᠤ ᠪᠠᠷ ᠲᠣᠭᠤᠷᠢᠨ ᠦᠵᠡᠵᠦ ᠵᠢᠮᠢᠰ ᠲᠡᠭᠦᠬᠦ ᠲᠠᠷᠢᠶᠠᠯᠠᠩ ᠤᠨ ᠬᠥᠭᠵᠢᠯᠲᠡ ᠶᠢ ᠳᠠᠭᠠᠯᠳᠤᠨ᠂ ᠣᠳᠣᠬᠠᠨ ᠳᠤ ᠬᠤᠲᠠ ᠶᠢᠨ ᠲᠣᠭᠤᠷᠢᠭ ᠤᠨ ᠨᠠᠩ ᠣᠯᠠᠨ ᠰᠠᠭᠤᠭᠠᠯᠢ ᠠᠷᠠᠳ ᠰᠤᠯᠠ ᠰᠡᠯᠡᠭᠦᠤ ᠴᠠᠭ ᠢᠶᠠᠨ ᠰᠣᠩᠭᠤᠵᠤ ᠠᠳᠡ ᠢᠷᠡᠵᠦ᠂ ᠲᠠᠷᠢᠶᠠᠯᠠᠩ ᠤᠶᠢᠯᠡᠤᠡᠪᠤᠷᠢᠯᠡᠯ ᠲᠠᠷᠢᠶᠠᠯᠠᠩ ᠤᠨ ᠵᠢᠮᠢᠰ ᠲᠡᠭᠦᠬᠦ ᠠᠵᠢᠯᠯᠠᠭ᠎ᠠ ᠵᠢᠨ‌‍ᠪᠠᠶᠠᠷ ᠪᠠᠶᠠᠰᠭᠤᠯᠠᠩ ᠠᠪᠴᠢᠷᠠᠭᠰᠠᠨ ᠪᠠᠶᠢᠳᠠᠯ ᠢ ᠣᠶᠢᠯᠠᠭᠠᠵᠤ ᠪᠠᠶᠢᠨ᠎ᠠ᠃     ᠴᠡᠭᠡᠯ ᠠᠭᠤᠯᠠ ᠪᠠᠯᠭᠠᠰᠤ ᠳᠤ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠴᠢᠨᠠᠷ ᠰᠠᠶᠢᠲᠠᠶ ᠵᠢᠮᠢᠰ ᠨᠣᠭᠤᠭᠠᠨ ᠤ ᠲᠥᠷᠥᠯ ᠵᠤᠶᠢᠯ ᠢ ᠣᠷᠣᠭᠤᠯᠤᠨ ᠠᠪᠴᠢᠷᠠᠵᠤ᠂ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠲᠡᠭᠦᠬᠦ᠂ ᠵᠤᠭᠠᠴᠠᠨ ᠨᠠᠭᠠᠳᠬᠤ ᠣᠶᠢᠯᠠᠭᠠᠯᠲᠠ ᠶᠢ ᠳᠡᠭᠡᠭᠰᠢᠯᠡᠭᠦᠯᠵᠦ᠂ ᠵᠤᠭᠠᠴᠠᠭᠰᠠᠳ ᠤᠨ ᠣᠯᠠᠨ ᠲᠡᠰ ᠳᠠᠪᠬᠤᠷᠭ᠎ᠠ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠪᠠ᠃     ᠬᠤᠲᠠ ᠶᠢᠨ ᠶᠦᠨ ᠹᠸᠢ ᠲᠠᠷᠢᠶᠠᠯᠠᠩ ᠤᠨ ᠲᠠᠷᠢᠮᠠᠯ ᠲᠡᠵᠢᠭᠡᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠦᠵᠦᠮ ᠲᠡᠭᠦᠬᠦ ᠬᠦᠷᠢᠶᠡᠯᠡᠩ ᠳᠤ᠂ ᠪᠣᠯᠪᠠᠰᠤᠷᠠᠭᠰᠠᠨ ᠦᠵᠦᠮ ᠨᠢ ᠬᠥᠮᠦᠰ ᠤᠨ ᠪᠠᠭ᠋ᠠᠷᠬᠠᠯ ᠢ ᠲᠠᠲᠠᠨ᠎ᠠ᠃ ᠠᠳᠡᠬᠢ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠣᠯᠠᠨ ᠵᠢᠯ ᠤᠨ ᠲᠤᠷᠰᠢ᠂ ᠲᠡᠳᠡ ᠴᠢᠨᠠᠷ ᠰᠠᠶᠢᠲᠠᠶ ᠦᠵᠦᠮ ᠤᠨ ᠡᠭᠦᠯᠳᠡᠷ ᠢ ᠢᠳᠡᠪᠬᠢᠲᠡᠢ ᠣᠷᠣᠭᠤᠯᠤᠨ ᠠᠪᠴᠢᠷᠠᠵᠤ᠂ ᠴᠣ ᠰᠢᠨ᠎ᠡ ᠦᠵᠦᠮ ᠲᠠᠷᠢᠬᠤ ᠠᠷᠭ᠎ᠠ ᠬᠡᠯᠪᠡᠷᠢ ᠶᠢ ᠰᠦᠪᠡᠭᠴᠢᠯᠡᠵᠦ᠂ ᠠᠮᠲᠠ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠦᠭᠰᠡᠨ ᠪᠥᠭᠡᠳ ᠡᠨᠡᠬᠦ ᠶᠠᠪᠤᠴᠠ ᠳᠤ ᠴᠣ ᠰᠢᠨ᠎ᠡ ᠲᠠᠷᠢᠬᠤ ᠮᠡᠷᠭᠡᠵᠢᠯ ᠢ ᠬᠠᠶᠢᠨ ᠰᠦᠪᠡᠭᠴᠢᠯᠡᠵᠦ᠂ ᠨᠢᠭᠡ ᠵᠢᠯ ᠤᠨ ᠳᠥᠷᠪᠡᠨ ᠤᠯᠠᠷᠢᠯ ᠳᠤ ᠪᠦᠷ ᠲᠡᠭᠦᠵᠦ ᠪᠣᠯᠤᠨ᠎ᠠ᠃     ᠴᠡᠭᠡᠯ ᠠᠭᠤᠯᠠ ᠪᠠᠯᠭᠠᠰᠤ ᠡᠯᠡᠰᠦᠨ ᠴᠥᠯ ᠤᠨ ᠦᠵᠦᠮ ᠲᠠᠷᠢᠬᠤ ᠳᠤ ᠨᠢᠭᠡᠨᠲᠡ 20 ᠭᠠᠷᠤᠶ ᠵᠢᠯ ᠤᠨ ᠲᠡᠤᠬᠡ ᠲᠠᠢ ᠪᠣᠯᠵᠤ᠂ ᠦᠵᠦᠮ ᠲᠠᠷᠢᠬᠤ ᠲᠥᠷᠥᠯ ᠵᠤᠶᠢᠯ ᠢ 30 ᠭᠠᠷᠤᠶ ᠵᠤᠶᠢᠯ  ᠳᠡᠯᠭᠡᠷᠡᠭᠦᠯᠵᠦ᠂ ᠬᠠᠷᠢᠶ᠎ᠠ ᠣᠷᠣᠨ ᠳᠠᠬᠢ ᠣᠳᠣ ᠪᠠᠶᠢᠭ᠎ᠠ ᠲᠠᠷᠢᠶᠠᠯᠠᠩ ᠤᠨ ᠲᠥᠬᠦᠭᠡᠷᠦᠮᠵᠢ ᠵᠢᠴᠢ ᠲᠠᠷᠢᠶᠠᠯᠠᠩ ᠤᠨ ᠳᠠᠭᠠᠭᠤᠯᠤᠭᠴᠢ ᠠᠵᠤ ᠠᠬᠤᠶᠢᠯᠠᠯ ᠤᠨ ᠲᠡᠷᠢᠭᠦᠨ ᠤ ᠮᠡᠷᠭᠡᠵᠢᠯ ᠤᠨ ᠳᠠᠢᠴᠢᠯᠠᠯ ᠳᠤ ᠲᠦᠰᠢᠭᠯᠡᠨ᠂ ᠦᠵᠦᠮ ᠲᠠᠷᠢᠬᠤ ᠳᠠᠭᠠᠭᠤᠯᠤᠭᠴᠢ ᠠᠵᠤ ᠠᠬᠤᠶᠢᠯᠠᠯ ᠤᠨ ᠲᠤᠰᠬᠠᠶᠢᠵᠢᠭᠰᠠᠨ᠂ ᠦᠵᠦᠮ ᠤᠨ ᠠᠷᠢᠬᠢ ᠵᠢᠨ‌‍ᠪᠦ᠋ᠲᠦᠭᠡᠨ ᠪᠠᠶᠢᠭᠤᠯᠤᠯᠲᠠ ᠬᠢᠬᠦ ᠶᠢ ᠲᠠᠰᠤᠷᠠᠯᠲᠠ ᠦᠭᠡᠢ ᠵᠣᠷᠢᠭᠵᠢᠭᠤᠯᠤᠨ ᠲᠡᠳᠬᠦᠵᠦ᠂ ᠣᠳᠣ ᠨᠢᠭᠡᠨᠲᠡ ᠬᠠᠨ ᠰᠧᠨ᠂ ᠶᠦᠨ ᠹᠸᠢ᠂ ᠲᠢᠶᠠᠨ ᠶᠧ ᠵᠡᠷᠭᠡ ᠨᠢᠭᠡ ᠪᠦᠯᠦᠭ ᠨᠠᠷᠠᠲᠤ ᠳᠠᠭᠠᠭᠤᠯᠤᠭᠴᠢ ᠠᠵᠤ ᠠᠬᠤᠶᠢᠯᠠᠯ ᠴᠤᠭᠯᠠᠷᠠᠵᠤ᠂ ᠲᠠᠷᠢᠬᠤ — ᠤᠶᠢᠯᠡᠤᠡᠪᠤᠷᠢᠯᠡᠬᠦ — ᠲᠣᠭᠤᠷᠢᠨ ᠦᠵᠡᠬᠦ — ᠪᠡᠶᠡᠴᠢᠯᠡᠨ ᠣᠶᠢᠯᠠᠭᠠᠬᠤ ᠮᠡᠲᠦ  ᠶᠢᠨ ᠠᠵᠤ ᠦᠢᠯᠡᠰ ᠤᠨ ᠵᠠᠭᠪᠤᠷ ᠢ ᠪᠦᠷᠢᠯᠳᠦᠭᠦᠯᠵᠡᠶ᠃      ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠬᠦ ᠶᠢᠨ ᠬᠠᠮᠲᠤ᠂ ᠴᠡᠭᠡᠯ ᠠᠭᠤᠯᠠᠨ ᠪᠠᠯᠭᠠᠰᠤ ᠪᠠᠰᠠ ᠦᠵᠦᠮ ᠤᠨ ᠲᠠᠷᠢᠮᠠᠯ ᠤᠨ ᠬᠦᠷᠢᠶᠡᠯᠡᠩ᠂ ᠦᠵᠦᠮ ᠤᠨ ᠠᠷᠢᠬᠢ ᠵᠢᠴᠢ ᠬᠠᠶᠢᠷᠤᠪ ᠤᠨ ᠲᠣᠬᠤᠢ ᠲᠤᠭᠤᠷᠢᠭ ᠶᠢᠨ ᠤᠮᠠᠷᠠᠲᠤ ᠬᠡᠰᠡᠭ ᠤᠨ ᠠᠮᠢ ᠠᠬᠤᠢ ᠶᠢᠨ ᠬᠠᠳᠠᠭᠠᠯᠠᠯᠲᠠ ᠶᠢᠨ ᠣᠷᠣᠨ᠂ ᠯᠦᠩ ᠶᠢᠦ ᠸᠠᠨ ᠤ ᠤᠯᠤᠰ ᠤᠨ ᠨᠤᠭᠤ ᠭᠠᠵᠠᠷ ᠤᠨ ᠴᠡᠴᠡᠷᠯᠢᠭ᠂ ᠶᠢᠨ ᠱᠠ ᠸᠠᠨ ᠤ ᠠᠮᠢ ᠠᠬᠤᠢ ᠵᠢᠨ‌ᠵᠤᠭᠠᠴᠠᠯ ᠤᠨ ᠣᠷᠣᠨ ᠲᠠᠷᠢᠶᠠᠯᠠᠩ ᠤᠨ ᠠᠮᠢ ᠠᠬᠤᠢ ᠶᠢᠨ ᠲᠠᠲᠠᠭᠠᠯ᠂ ᠬᠠᠨ ᠤᠯᠤᠰ ᠤᠨ ᠦᠶ᠎ᠡ ᠶᠢᠨ ᠪᠠᠭᠤᠷᠢ ᠵᠡᠷᠭᠡ ᠡᠬᠢ ᠪᠠᠶᠠᠯᠢᠭ ᠢ ᠠᠰᠢᠭᠯᠠ᠂ ᠦᠵᠦᠮ ᠤᠨ ᠠᠷᠢᠬᠢ᠂ ᠵᠢᠮᠢᠰ ᠲᠡᠭᠦᠬᠦ᠂ ᠡᠯᠡᠰᠦ ᠮᠠᠩᠬ᠎ᠠ᠂ ᠨᠤᠭᠤ ᠭᠠᠵᠠᠷ ᠵᠡᠷᠭᠡ ᠣᠨᠴᠠᠯᠢᠭᠲᠤ ᠪᠠᠶᠢᠭᠠᠯᠢ ᠶᠢᠨ ᠨᠢᠭᠡ ᠴᠣᠭᠴᠠ ᠪᠣᠯᠭᠠᠭᠰᠠᠨ ᠲᠠᠷᠢᠶᠠᠯᠠᠬᠤ ᠣᠷᠣᠨ ᠤ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠬᠡᠯᠪᠡᠷᠢ ᠪᠠᠶᠢᠳᠠᠯ ᠢ ᠠᠩᠬ᠎ᠠ‌ᠠᠯᠬᠤᠮ ᠪᠠᠶᠢᠭᠤᠯᠵᠤ᠂ ︽ᠠᠩᠬᠠᠳᠤᠭᠠᠷ ᠬᠤᠭᠤᠴᠠᠭᠠᠨ ᠤ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠪᠠ ︽ᠵᠢᠯ ᠤᠨ ᠭᠠᠭ᠋ᠠᠶ ᠶᠢᠨ ᠪᠠᠶᠠᠷ︾ ︽ᠵᠢᠯ ᠤᠨ ᠪᠠᠷᠠᠭ᠎ᠠ ᠶᠢᠨ ᠪᠠᠶᠠᠷ︾ ᠵᠡᠷᠭᠡ ᠰᠢᠷᠢᠰ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠲᠠᠷᠢᠶᠠᠯᠠᠬᠤ ᠣᠷᠣᠨ ᠨᠢ ᠶᠠᠭ ᠠᠯᠬᠤᠮ ᠠᠯᠬᠤᠮ ᠢᠶᠠᠷ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠤᠶᠢᠷ᠎ᠠ ᠵᠠᠮ ᠤᠨ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ ᠪᠣᠯᠵᠤ ᠬᠤᠪᠢᠷᠠᠵᠤ ᠪᠠᠶᠢᠨ᠎ᠠ᠃      ᠡᠭᠦᠨ ᠤ ᠳᠤ ᠬᠠᠮᠲᠤ᠂ ᠴᠡᠭᠡᠯ ᠠᠭᠤᠯᠠ ᠪᠠᠯᠭᠠᠰᠤ 800 ᠭᠠᠷᠤᠶ ᠲᠦᠮᠡᠨ ᠲᠥᠭᠦᠷᠢᠭ ᠤᠨ ᠪᠡᠯᠡ ᠮᠥᠩᠭᠦ ᠶᠢ ᠨᠡᠶᠢᠳᠬᠡᠵᠦ᠂ 100 ᠭᠠᠷᠤᠶ ᠲᠠᠷᠢᠶᠠᠴᠢᠨ ᠡᠷᠦᠬᠡ ᠶᠢ ᠲᠡᠳᠬᠦᠵᠦ ᠪᠠᠶᠢᠭᠠᠤᠡ ᠲᠠᠷᠢᠵᠤ ᠤᠷᠭᠤᠭᠤᠯᠬᠤ᠂ ᠡᠯ᠎ᠡ ᠲᠣᠰᠬᠤᠨ ᠤ ᠬᠠᠮᠲᠤ ᠶᠢᠨ ᠠᠵᠤ ᠠᠬᠤᠢ ᠶᠢᠨ ︽ᠬᠤᠭᠤᠰᠣᠨ ᠴᠣᠩᠬᠤ︾᠎ ᠶᠢᠨ ᠬᠦᠴᠢᠷ ᠠᠰᠠᠭᠤᠳᠠᠯ ᠢ ᠰᠢᠢᠤᠡᠪᠤᠷᠢᠯᠡᠪᠡ︔ ᠲᠣᠰᠬᠤᠨ ᠤ ᠪᠠᠶᠢᠳᠠᠯ ᠳᠤ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠯ᠎ᠡ ᠲᠣᠰᠬᠤᠨ ᠬᠢᠭᠡᠳ ᠲᠢᠶᠠᠨ ᠾᠧ ᠠᠮᠤ ᠲᠤᠲᠤᠷᠭ᠎ᠠ ᠡᠳ᠋ᠰᠢᠭᠦᠯᠬᠦ ᠶᠤᠸᠠᠨ ᠵᠢᠶᠠᠨ ᠡᠳ᠋ᠰᠢᠭᠦᠯᠬᠦ ᠵᠢᠴᠢ ᠷᠦᠨ ᠰᠧᠨ ᠰᠤᠷᠭᠠᠨ ᠬᠥᠮᠦᠵᠢᠯ ᠵᠡᠷᠭᠡ ᠲᠥᠷᠥᠯ ᠵᠤᠶᠢᠯ ᠳᠤ ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠶᠢ ᠲᠡᠳᠬᠦᠵᠦ᠂ ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠶ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ 2018 ᠣᠨ ᠳᠤ᠂ ᠴᠡᠭᠡᠯ ᠠᠭᠤᠯᠠ ᠪᠠᠯᠭᠠᠰᠤᠨ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ 10 ᠲᠥᠷᠥᠯ ᠵᠤᠶᠢᠯ ᠢ ᠬᠡᠷᠡᠭᠵᠢᠭᠦᠯᠵᠦ᠂ ᠲᠣᠰᠬᠤᠨ ᠤ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃2019 ᠣᠨ ᠳᠤ᠂ ᠴᠡᠭᠡᠯ ᠠᠭᠤᠯᠠ ᠪᠠᠯᠭᠠᠰᠤ ᠪᠦᠬᠦ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠣᠷᠣᠪᠠ᠃        ᠴᠡᠭᠡᠯ ᠠᠭᠤᠯᠠ ᠪᠠᠯᠭᠠᠰᠤᠨ ᠤ ᠳᠡᠳ᠋ ᠳᠠᠷᠤᠭ᠎ᠠ ᠬᠤᠸᠠᠩ ᠶᠦᠩ᠄ ︽ᠪᠢᠳᠡ ᠲᠣᠰ ᠤᠳᠠᠭ᠎ᠠ ᠶᠢᠨ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢᠨ ᠨᠡᠷᠡᠰ ᠢᠶᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠠᠢ ᠤᠶᠠᠯᠳᠤᠭᠤᠯᠵᠤ᠂ ᠤᠰᠤᠨ ᠲᠣᠤᠷ ᠢ ᠥᠭᠡᠷᠡᠴᠢᠯᠡᠬᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠵᠡᠷᠭᠡ ᠠᠵᠢᠯ ᠢ ᠪᠠᠭᠲᠠᠭᠠᠵᠤ᠂ ᠴᠡᠭᠡᠯ ᠠᠭᠤᠯᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠶᠡᠭᠡ ᠳᠠᠪᠠᠯᠲᠠ ᠶᠢ ᠪᠡᠶᠡᠯᠡᠭᠦᠯᠵᠦ᠂ ᠠᠵᠤ ᠠᠬᠤᠶᠢᠯᠠᠯ ᠲᠠᠷᠢᠶᠠᠴᠢᠨ ᠡᠷᠦᠬᠡ ᠶᠢ ᠳᠠᠭᠠᠭᠤᠯᠬᠤ᠂ ᠬᠤᠷᠰᠢᠶ᠎ᠠ ᠲᠠᠷᠢᠶᠠᠴᠢᠨ ᠡᠷᠦᠬᠡ ᠶᠢ ᠳᠠᠭᠠᠭᠤᠯᠬᠤ ᠵᠠᠭᠪᠤᠷ ᠢᠶᠠᠷ ᠳᠠᠮᠵᠢᠨ᠂ ᠨᠢᠭᠡ ᠲᠣᠰᠬᠤᠨ ᠨᠢᠭᠡ ᠲᠥᠷᠥᠯ ᠵᠤᠶᠢᠯ ᠎ ᠤᠨ ᠳᠡᠰ ᠳᠠᠪᠰᠢᠭᠰᠠᠨ ᠬᠡᠪ ᠢ ᠡᠭᠦᠳᠴᠦ᠂ ᠴᠡᠭᠡᠯ ᠠᠭᠤᠯᠠ ᠪᠠᠯᠭᠠᠰᠤᠨ ᠤ ᠠᠵᠤ ᠤᠶᠢᠯᠡᠰ ᠬᠥᠭᠵᠢᠨ ᠴᠡᠴᠡᠭᠯᠡᠬᠦ᠂ ᠲᠣᠰᠬᠤᠨ ᠤ ᠠᠷᠠᠳ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠦᠨ᠎ᠡ︾ ᠭᠡᠵᠦ ᠬᠡᠯᠡᠪᠡ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号