ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠠᠷᠠᠯᠵᠢᠶ᠎ᠠ ᠬᠤᠳᠠᠯᠳᠤᠭᠠᠨ ᠤ ᠤᠶᠢᠯᠡᠴᠢᠯᠡᠭᠡᠨ ᠤ | ᠭᠤᠤᠯᠳᠠᠯᠭ᠎ᠠ ᠲᠠᠢ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠲᠥᠷᠥᠯ | ᠵᠤᠶᠢᠯ ᠤᠨ ᠲᠥᠷᠥᠯ ᠲᠡᠮᠳᠡᠭ ᠢ ᠣᠷᠣᠭᠤᠯᠤᠨ ᠠᠪᠴᠢᠷᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ | ᠬᠡᠯᠪᠡᠷᠢ ᠶᠢ ᠳᠠᠭᠠᠵᠤ᠂ ᠵᠠᠬ᠎ᠠ ᠳᠡᠯᠭᠡᠭᠦᠷᠴᠢᠯᠡᠨ ᠠᠵᠢᠯᠯᠠᠬᠤ ᠵᠠᠭᠪᠤᠷ ᠢ ᠪᠠᠷᠢᠮᠲᠠᠯᠠᠵᠤ᠂ ᠠᠷᠠᠯᠵᠢᠶ᠎ᠠ ᠬᠤᠳᠠᠯᠳᠤᠭᠠᠨ ᠤ | ᠠᠵᠤ ᠠᠬᠤᠶᠢᠯᠠᠯ ᠢ ᠢᠳᠡᠪᠬᠢᠲᠡᠢ ᠬᠥᠳᠡᠯᠦᠨ ᠵᠢᠯᠣᠭᠤᠳᠴᠤ ᠪᠠᠶᠢᠭᠠᠤᠡ ᠪᠠᠶᠠᠷ ᠳᠤᠷᠠᠰᠬᠠᠯ ᠤᠨ ᠡᠳᠦᠷ ᠵᠡᠷᠭᠡᠠᠵᠠ | ᠲᠣᠬᠢᠶᠠᠯ ᠢ ᠠᠮᠵᠢᠵᠤ᠂ ᠣᠯᠠᠨ ᠶᠠᠩᠵᠤ ᠬᠡᠯᠪᠡᠷᠢ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠᠥᠷᠨᠢᠭᠦᠯᠵᠦ᠂ | ᠭᠤᠷᠪᠠᠳᠤᠭᠠᠷ ᠠᠵᠤ ᠦᠢᠯᠡᠰ ᠤᠨ ᠤᠶᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ | ᠨᠢᠳᠤᠨᠤᠨ᠂ ᠬᠠᠶᠢᠷᠤᠪ ᠤᠨ ᠲᠣᠬᠤᠢ ᠲᠣᠭᠤᠷᠢᠭ ᠤᠨ 3 ᠰᠢᠨ ᠪᠠᠢ ᠬᠡᠲᠦ ᠳᠡᠯᠭᠡᠭᠦᠷ ᠲᠤ ᠰᠦᠯᠵᠢᠶᠡᠨ ᠳᠤ | ᠭᠠᠷᠤᠭᠰᠠᠨ ︽ᠣᠯᠠᠨ ᠴᠡᠭ︾ ᠤᠨ ᠣᠶᠤᠨᠴᠢ ᠬᠤᠳᠠᠯᠳᠤᠨ ᠠᠪᠬᠤ ᠠᠵᠢᠯᠯᠠᠭ᠎ᠠ ᠬᠢᠵᠤ᠂ ᠬᠤᠲᠠ ᠶᠢᠨ ᠠᠷᠠᠳ ᠤᠨ | ᠪᠠᠷᠠᠭ᠎ᠠ ᠬᠤᠳᠠᠯᠳᠤᠨ ᠠᠪᠬᠤ ᠳᠤ ᠲᠤᠶᠢᠯ ᠤᠨ ᠶᠡᠭᠡ ᠳᠥᠭᠦᠮ ᠦᠵᠡᠭᠦᠯᠪᠡ᠃ ᠰᠢᠨ ᠪᠠᠢ ᠬᠡᠲᠦ ᠳᠡᠯᠭᠡᠭᠦᠷ ᠤᠨ ᠸᠠᠨ | ᠳ᠋ᠠ ᠳᠡᠯᠭᠡᠭᠦᠷ ᠲᠤ᠂ ᠵᠣᠭᠤᠰ ᠬᠤᠷᠢᠶᠠᠬᠤ ᠭᠠᠵᠠᠷ ᠤᠨ ᠴᠥᠭᠡᠨ ᠪᠤᠰᠤ ᠬᠤᠲᠠ ᠶᠢᠨ ᠠᠷᠠᠳ ᠪᠠᠷᠠᠭ᠎ᠠ ᠬᠤᠳᠠᠯᠳᠤᠨ | ᠠᠪᠬᠤ ᠮᠠᠰᠢᠨ ᠰᠣᠩᠭᠤᠵᠤ ᠳᠠᠩᠰᠠ ᠪᠣᠳᠣᠨ᠋᠂ ᠬᠤᠳᠠᠯᠳᠤᠨᠠᠪᠤᠭᠰᠠᠨ ᠤᠶᠢᠯᠡᠤᠡᠭᠦᠨ ᠤ ᠵᠢᠷᠤᠭᠠᠰᠤᠨ ᠲᠡᠮᠳᠡᠭ ᠢ | ᠪᠠᠷᠠᠭ᠎ᠠ ᠬᠤᠳᠠᠯᠳᠤᠨ ᠠᠪᠬᠤ ᠮᠠᠰᠢᠨ ᠳᠡᠭᠡᠷ᠎ᠡ ᠰᠢᠷᠪᠢᠪᠡᠯ᠂ ᠬᠤᠳᠠᠯᠳᠤᠨ ᠠᠪᠤᠭᠰᠠᠨ ᠤᠶᠢᠯᠡᠤᠡᠭᠦᠨ ᠤ ᠨᠡᠷᠡᠶᠢᠳᠦᠯ ᠪᠠ | ᠦᠨ᠎ᠡ ᠬᠠᠩᠰᠢ ᠶᠢ ᠢᠯᠡᠷᠡᠭᠦᠯᠵᠦ᠂ ᠬᠤᠲᠠ ᠶᠢᠨ ᠠᠷᠠᠳ ᠰᠢᠭᠤᠳ ᠭᠠᠷ ᠤᠲᠠᠰᠤᠨ ᠤ A P P ᠪᠠᠷ ᠳᠠᠮᠵᠢᠨ | ᠰᠢᠷᠪᠢᠵᠦ ᠲᠣᠭᠠᠴᠠᠭ᠎ᠠ ᠬᠢᠵᠦ ᠪᠣᠯᠤᠨ᠎ᠠ᠃ | ᠣᠶᠢᠯᠠᠭᠠᠭᠰᠠᠨ ᠢᠶᠠᠷ 2017 ᠤᠨ 9 ᠰᠠᠷ᠎ᠠ ᠳᠤ ᠬᠠᠶᠢᠷᠤᠪ ᠤᠨ ᠲᠣᠬᠤᠢ ᠲᠣᠭᠤᠷᠢᠭ ᠤᠨ ᠰᠢᠨ ᠪᠠᠢ | ᠬᠡᠲᠦ ᠳᠡᠯᠭᠡᠭᠦᠷ ᠲᠤ ᠴᠢᠯᠥᠭᠡᠲᠡᠶ ᠬᠤᠳᠠᠯᠳᠤᠨ ᠠᠪᠬᠤ ᠰᠦᠯᠵᠢᠶᠡᠨ ᠳᠤ ᠭᠠᠷᠴᠤ᠂ ᠬᠤᠲᠠ ᠶᠢᠨ ᠠᠷᠠᠳ ᠤᠨ ᠨᠢᠭᠡ | ᠲᠠᠯ᠎ᠠ ᠪᠠᠷ ᠵᠠᠬ᠎ᠠ ᠳᠡᠯᠭᠡᠭᠦᠷ ᠤᠨ ᠡᠳ᠋ ᠪᠣᠳᠠᠰ ᠢ ᠰᠤᠩᠭᠤᠨ᠂ ᠨᠢᠭᠡ ᠲᠠᠯ᠎ᠠ ᠪᠠᠷ ᠭᠠᠷ ᠤᠲᠠᠰᠤ ᠪᠠᠷ ᠵᠢᠷᠤᠭᠠᠰᠤᠨ | ᠲᠡᠮᠳᠡᠭ ᠢ ᠰᠢᠷᠪᠢᠬᠤ ᠶᠢ ᠠᠩᠬ᠎ᠠ ᠠᠯᠬᠤᠮ ᠪᠡᠶᠡᠯᠡᠭᠦᠯᠵᠦ᠂ ᠬᠠᠮᠤᠭ ᠰᠡᠭᠦᠯ ᠳᠤ ᠰᠢᠭᠤᠳ ᠵᠣᠭᠤᠰ ᠬᠤᠷᠢᠶᠠᠬᠤ | ᠲᠠᠶᠢᠰᠠᠨ ᠳᠤ ᠬᠦᠷᠴᠦ ᠨᠢᠭᠡᠳᠦᠯᠲᠡᠶ ᠲᠥᠯᠥᠨ᠎ᠡ︔ ᠨᠢᠳᠤᠨᠤᠨ ᠤ 3 ᠰᠠᠷ᠎ᠠ ᠶᠢᠨ ᠰᠡᠭᠦᠯᠴᠢ ᠪᠠᠷ᠂ ᠰᠢᠨ ᠪᠠᠢ ᠬᠡᠲᠦ | ᠳᠡᠯᠭᠡᠭᠦᠷ ᠤᠨ ᠸᠠᠨ ᠳ᠋ᠠ ᠳᠡᠯᠭᠡᠭᠦᠷ 8 ᠪᠠᠷᠠᠭ᠎ᠠ ᠬᠤᠳᠠᠯᠳᠤᠨ ᠠᠪᠬᠤ ᠮᠠᠰᠢᠨᠰᠦ᠋ᠯᠵᠢᠶᠡᠨ ᠳᠤ ᠭᠠᠷᠴᠤ᠂ | ᠰᠢᠰᠲ᠋ᠧᠮ ᠨᠢ ︽ᠣᠯᠠᠨ ᠴᠡᠭ︾ A P P᠂ ᠬᠤᠲᠠ ᠶᠢᠨ ᠠᠷᠠᠳ ᠭᠠᠷ ᠤᠲᠠᠰᠤ ᠪᠠᠷ ᠲᠣᠰ A P P ᠶᠢ | ᠪᠠᠭᠤᠯᠭᠠᠨ ᠠᠪᠤᠪᠠᠯ᠂ ᠪᠠᠷᠠᠭ᠎ᠠ ᠬᠤᠳᠠᠯᠳᠤᠨ ᠠᠪᠬᠤ ᠮᠠᠰᠢᠨ ᠢᠶᠠᠷ ᠳᠠᠩᠰᠠ ᠪᠣᠳᠣᠵᠤ ᠪᠣᠯᠤᠨ᠎ᠠ︔ ᠲᠣᠰ ᠵᠢᠯ ᠤᠨ 8 | ᠰᠠᠷ᠎ᠠ ᠳᠤ᠂ ︽ᠣᠯᠠᠨ ᠴᠡᠭ︾ ᠤᠨ A P P ᠨᠢ O T O ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ | ᠠᠪᠬᠤ ᠤᠶᠢᠯᠡᠴᠢᠯᠡᠭᠡ ᠶᠢ ᠪᠡᠶᠡᠯᠡᠭᠦᠯᠵᠦ᠂ ᠬᠤᠲᠠ ᠶᠢᠨ ᠠᠷᠠᠳ A P P ᠶᠢᠨ ᠵᠠᠬᠢᠶᠠᠯᠠᠭ᠎ᠠ ᠶᠢᠨ ᠬᠠᠭᠤᠳᠠᠰᠤ ᠪᠠᠷ | ᠳᠠᠮᠵᠢᠨ᠂ ᠬᠡᠲᠦ ᠳᠡᠯᠭᠡᠭᠦᠷ ᠠᠴᠠ ᠲᠤᠬᠢᠷᠠᠭᠤᠯᠤᠨ ᠬᠦᠷᠭᠡᠵᠦ ᠪᠣᠯᠤᠨ᠎ᠠ᠂ ᠭᠡᠷ ᠠᠴᠠ ᠪᠠᠨ ᠭᠠᠷᠬᠤ ᠦᠭᠡᠢ ᠪᠠᠷ | ᠬᠡᠷᠡᠭᠴᠡᠭᠡ ᠲᠠᠢ ᠡᠳ᠋ ᠪᠣᠳᠠᠰ ᠢ ᠬᠤᠳᠠᠯᠳᠤᠨ ᠠᠪᠴᠤ ᠪᠣᠯᠤᠨ᠎ᠠ᠃ ᠡᠨᠡ ᠵᠢᠯ᠂ ︽ᠣᠯᠠᠨ ᠴᠡᠭ︾ ᠤᠨ A P P | ᠳᠡᠭᠡᠷᠡᠬᠢ ᠲᠣᠭᠠᠴᠠᠭ᠎ᠠ ᠬᠢᠬᠦ ᠠᠷᠭ᠎ᠠ ᠬᠡᠯᠪᠡᠷᠢ ᠰᠢᠨ᠎ᠡ ᠰᠢᠪᠲᠤᠯᠤᠯᠲᠠ ᠲᠠᠢ ᠪᠣᠯᠪᠠ᠂ ᠥᠩᠭᠡᠷᠡᠭᠡᠭᠰᠡᠨ ᠳᠤ ᠵᠥᠪᠬᠡᠨ | ᠨᠢᠭᠡ ᠬᠤᠶᠠᠷᠬᠠᠨ ᠵᠤᠶᠢᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠪᠠᠶᠢᠭᠰᠠᠨ ᠠᠴᠠ ᠪᠠᠰᠠ ᠭᠤᠷᠪᠠ ᠳᠥᠷᠪᠡᠨᠵᠤᠶᠢᠯ | ᠨᠡᠮᠡᠭᠳᠡᠵᠦ᠂ ᠬᠤᠲᠠ ᠶᠢᠨ ᠠᠷᠠᠳ ᠥᠪᠡᠰᠦᠪᠡᠨ ᠡᠵᠡᠨ ᠮᠡᠳᠡᠵᠦ ᠰᠣᠩᠭᠤᠵᠤ ᠪᠣᠯᠤᠨ᠎ᠠ᠃ ᠡᠭᠦᠨ ᠠᠴᠠ ᠭᠠᠳᠠᠨ᠎ᠠ᠂ | ᠰᠢᠨ ᠪᠠᠢ ᠬᠡᠲᠦ ᠳᠡᠯᠭᠡᠭᠦᠷ ᠤᠨ ᠸᠠᠨ ᠳ᠋ᠠ ᠳᠡᠯᠭᠡᠭᠦᠷ ᠪᠠᠰᠠ ︽ᠵᠢᠩᠯᠡᠭᠦᠷ ᠢ ᠨᠢᠭᠡᠳᠬᠡᠬᠦ︾ ᠶᠢ ᠪᠡᠶᠡᠯᠡᠭᠦᠯᠵᠦ᠂ | ᠲᠠᠸᠠᠷ ᠤᠨ ᠵᠢᠩᠯᠡᠭᠦᠷ ᠤᠨ ᠲᠠᠪᠴᠠᠩ ᠨᠢ ᠴᠥᠮ ᠵᠣᠭᠤᠰ ᠬᠤᠷᠢᠶᠠᠬᠤ ᠲᠠᠪᠴᠠᠩ ᠳᠤ ᠰᠢᠯᠵᠢᠵᠦ᠂ ᠥᠪᠡᠷ ᠤᠨ | ᠥᠷᠲᠡᠭ ᠢ ᠠᠷᠪᠢᠯᠠᠬᠤ ᠮᠥᠷᠲᠡᠭᠡᠨ ᠬᠥᠮᠦᠨ ᠤ ᠬᠦᠴᠦ ᠶᠢ ᠴᠦ ᠠᠷᠪᠢᠯᠠᠬᠤ ᠪᠣᠯᠵᠠᠶ᠃ | ᠡᠨᠡ ᠵᠢᠯ ᠤᠨ 4 ᠰᠠᠷ᠎ᠠ ᠳᠤ᠂ ᠪᠥᠬᠦ ᠤᠯᠤᠰ ᠠᠴᠠ ᠠᠩᠬᠠᠳᠠᠭᠴᠢ ᠰᠢ ᠵᠦᠴᠦᠭᠡ ᠶᠢᠨ ᠪᠠᠭᠤᠳᠠᠯ | ᠬᠠᠶᠢᠷᠤᠪ ᠤᠨ ᠲᠣᠬᠤᠢ ᠲᠣᠭᠤᠷᠢᠭ ᠲᠤ ᠡᠷᠦᠬᠡ ᠠᠮᠠ ᠣᠷᠣᠵᠤ ᠪᠠᠷᠢᠯᠭ᠎ᠠ ᠡᠬᠢᠯᠡᠭᠦᠯᠵᠦ᠂ 8 ᠰᠠᠷ᠎ᠠ ᠶᠢᠨ 17 ᠤ | ᠡᠳᠦᠷ ᠵᠢᠩᠬᠢᠨᠢ ᠪᠠᠷ ᠠᠵᠢᠯ ᠡᠬᠢᠯᠡᠪᠡ᠃ ᠲᠠᠨᠢᠯᠴᠠᠭᠤᠯᠤᠭᠰᠠᠨ ᠢᠶᠠᠷ᠂ ᠰᠢ ᠵᠦᠴᠦᠭᠡ ᠶᠢᠨ ᠪᠠᠭᠤᠳᠠᠯ ᠪᠣᠯ ᠺᠢᠨᠣ᠋ ᠶᠢᠨ | ᠭᠤᠤᠯ ᠰᠡᠳᠦᠪᠲᠦ ᠪᠠᠭᠤᠳᠠᠯ ᠮᠥᠨ᠂ ᠤᠯᠠᠮᠵᠢᠯᠠᠯᠲᠤ ᠪᠠᠭᠤᠳᠠᠯ ᠪᠠ ᠺᠢᠨᠣ᠋ ᠶᠢᠨ ᠠᠵᠢᠯ ᠠᠯᠤᠰᠯᠠᠭᠰᠠᠨ | ᠬᠠᠮᠲᠤᠷᠠᠯᠴᠠᠭ᠎ᠠ ᠮᠥᠨ᠃ ᠵᠣᠴᠢᠳ ᠤᠨ ᠪᠠᠭᠤᠳᠠᠯ ᠳᠤ ᠨᠡᠶᠢᠲᠡ 47 ᠥᠷᠥᠭᠡ ᠲᠠᠢ᠂ ᠥᠷᠥᠭᠡ ᠪᠦᠷᠢ ᠳᠤ ᠵᠠᠭᠤ | ᠭᠤᠴᠢ ᠠᠴᠠ ᠵᠠᠭᠤ ᠲᠠᠪᠢᠨ ᠢᠮᠠᠬᠤ ᠲᠣᠮᠣ ᠳᠡᠯᠭᠡᠴᠡ ᠲᠠᠢ᠂ ᠣᠳᠣ ᠮᠢᠩᠭ᠎ᠠ ᠭᠠᠷᠤᠶ ᠲᠡᠭᠡᠳᠤ ᠲᠤᠳᠤᠷᠬᠠᠶᠢᠮᠵᠢ | ᠺᠢᠨᠣ᠋ ᠶᠢᠨ ᠢᠷᠡᠯᠲᠡ ᠲᠠᠢ᠃ ᠥᠩᠭᠡᠷᠡᠭᠰᠡᠨ 2᠂ 3 ᠰᠠᠷ᠎ᠠ ︵ᠲᠤᠷᠰᠢᠨ ᠡᠵᠡᠩᠨᠡᠬᠦ︶ ᠶᠢᠨ ᠪᠠᠶᠢᠳᠠᠯ ᠮᠠᠰᠢ ᠰᠠᠶᠢᠨ᠂ | ᠦᠨᠳᠦᠰᠦᠨ ᠳᠡᠭᠡᠨ ᠭᠡᠷ ᠳᠦᠭᠦᠷᠡᠩ ᠪᠠᠶᠢᠳᠠᠯ ᠲᠠᠢ᠂ ᠵᠠᠯᠭᠠᠭᠠᠳ ᠪᠡᠭᠡᠵᠢᠩ ᠤᠨ ᠺᠢᠨᠣ᠋ ᠶᠢᠨ ᠳᠡᠭᠡᠰᠦ ᠰᠤᠷᠭᠠᠭᠤᠯᠢ | ᠪᠣᠯᠤᠨ ᠤᠯᠤᠰ ᠤᠨ ᠲᠣᠭᠠᠴᠢᠯᠠᠭᠰᠠᠨ ᠬᠡᠪᠯᠡᠯ ᠤᠨ ᠡᠷᠬᠡ ᠶᠢᠨ ᠲᠥᠪ ᠲᠠᠢ ᠨᠢᠭᠲᠠ ᠬᠠᠮᠲᠤᠷᠠᠯᠴᠠᠵᠤ᠂ ᠵᠣᠴᠢᠨ | ᠡᠷᠦᠬᠡ ᠳᠤ ᠬᠠᠮᠤᠭ ᠤᠨ ᠰᠢᠨ᠎ᠡ᠂ ᠬᠠᠮᠤᠭ ᠤᠨ ᠰᠢᠯᠢᠳᠡᠭ ᠺᠢᠨᠣ᠋ ᠠᠪᠴᠢᠷᠠᠵᠤ ᠥᠭᠭᠦᠨ᠎ᠡ᠃ | ᠡᠨᠡ ᠵᠢᠯ᠂ ᠬᠠᠶᠢᠷᠤᠪ ᠤᠨ ᠲᠣᠬᠤᠢ ᠲᠣᠭᠤᠷᠢᠭ ᠲᠥᠷᠥᠯ ᠵᠤᠶᠢᠯ ᠤᠨ ᠲᠥᠷᠥᠯ ᠲᠡᠮᠳᠡᠭ ᠢ ᠣᠷᠣᠭᠤᠯᠤᠨ | ᠠᠪᠴᠢᠷᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ︽ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠬᠤᠭᠤᠰᠣᠨ ᠢ ᠨᠥᠬᠦᠪᠥᠷᠢᠯᠡᠬᠦ︾ ᠪᠠᠷ ᠭᠤᠣᠯ ᠰᠡᠳᠬᠢᠴᠡ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠨᠡᠷᠡᠲᠦ ᠬᠤᠳᠠᠯᠳᠤᠭ᠎ᠠ ᠶᠢᠨ ᠦᠢᠯᠡᠴᠢᠯᠡᠭᠡᠨ ᠤ ᠦᠢᠯᠡᠰ ᠤᠨ ᠲᠥᠷᠥᠯ ᠲᠡᠮᠳᠡᠭ ᠢ ᠦᠷᠭᠦᠯᠵᠢᠯᠡᠨ ᠳᠠᠭᠠᠵᠤ ᠣᠷᠣᠬᠤ | ᠬᠡᠷᠡᠭᠲᠡᠢ᠃ ᠨᠢᠭᠡᠨᠲᠡ ᠬᠦᠴᠦᠨ ᠢᠶᠠᠨ ᠵᠣᠬᠢᠶᠠᠨ ᠪᠠᠶᠢᠭᠤᠯᠵᠤ ᠤᠷᠢᠳ ᠬᠤᠵᠢᠳ ᠶᠢᠨ ᠴᠤᠸᠠᠨ᠂ ᠪᠤᠭᠤᠲᠤ᠂ ᠪᠡᠭᠡᠵᠢᠩ᠂ | ᠵᠢᠨᠠᠨ᠂ ᠲᠢᠶᠠᠨᠵᠢᠨ᠂ ᠬᠠᠩᠵᠧᠦ ᠵᠡᠷᠭᠡ ᠭᠠᠵᠠᠷ ᠲᠤ ᠬᠦᠷᠴᠦ ᠨᠢᠩᠰᠢᠶᠠ ᠶᠢᠨ ᠶᠦᠩ ᠬᠤᠢ ᠬᠡᠲᠦ ᠳᠡᠯᠭᠡᠭᠦᠷ ᠤᠨ | ᠬᠢᠵᠠᠭᠠᠷᠲᠤ ᠺᠣᠮᠫᠠᠨᠢ᠂ ᠪᠤᠭᠤᠲᠤ ᠶᠢᠨ ᠰᠦ ᠨᠢᠩ ᠬᠤᠳᠠᠯᠳᠤᠨ ᠠᠪᠴᠤ ᠪᠣᠷᠣᠯᠠᠭᠤᠯᠬᠤ ᠬᠢᠵᠠᠭᠠᠷᠲᠤ ᠺᠣᠮᠫᠠᠨᠢ᠂ ᠪᠠᠶ | ᠱᠧᠩ ᠢᠳᠡᠭᠡᠨ ᠤᠮᠳᠠᠭᠠᠨ ᠤ ᠪᠦᠯᠦᠭᠯᠡᠯ ᠤᠨ ᠳᠤᠮᠳᠠᠳᠤ ᠤᠯᠤᠰ ᠦᠨᠠᠵᠢᠯ ᠦᠢᠯᠡᠰ ᠤᠨ ᠬᠡᠯᠲᠡᠰ ︵ᠲᠢᠶᠠᠨᠵᠢᠨ | ᠾᠧᠪᠧᠶ ᠥᠪᠥᠷ ᠮᠣᠩᠭᠤᠯ ᠤᠨ ᠵᠠᠬ᠎ᠠ ᠳᠡᠯᠭᠡᠭᠦᠷ︶᠂ ᠪᠡᠭᠡᠵᠢᠩ ᠤᠨ ᠵᠦ ᠭᠦᠸᠧ ᠹᠠᠨ ᠯᠢᠶᠠᠩ ᠽᠢ ᠪᠡᠶ᠎ᠡ | ᠴᠢᠭᠢᠷᠠᠭᠵᠢᠭᠤᠯᠬᠤ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠵᠦᠩ ᠭᠧᠦ ᠯᠢᠶᠠᠨ ᠪᠠᠷᠠᠭ᠎ᠠ | ᠬᠤᠳᠠᠯᠳᠤᠨ ᠠᠪᠬᠤ ᠲᠥᠪ ᠤᠨ ᠬᠥᠭᠵᠢᠯᠲᠡ ᠶᠢᠨ ᠵᠥᠪᠯᠡᠯ ᠵᠡᠷᠭᠡ ᠠᠵᠤ ᠠᠬᠤᠶᠢᠯᠠᠯ ᠪᠣᠯᠤᠨ ᠪᠠᠶᠢᠭᠤᠯᠤᠮᠵᠢ ᠲᠠᠢ | ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠬᠡᠰᠡᠭ ᠲᠥᠷᠥᠯ ᠵᠤᠶᠢᠯ ᠨᠢᠭᠡᠨᠲᠡ ᠠᠩᠬ᠎ᠠ ᠠᠯᠬᠤᠮ ᠣᠷᠣᠵᠤ᠂ ᠶᠠᠭ | ᠢᠳᠡᠪᠬᠢᠲᠡᠢ ᠳᠠᠭᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ | ᠬᠡᠯᠪᠡᠷᠢ ᠪᠠᠷ ᠳᠠᠮᠵᠢᠭᠤᠯᠤᠨ᠂ ᠡᠨᠡ ᠵᠢᠯ ᠲᠣᠰ ᠭᠠᠵᠠᠷ ᠤᠨ ᠬᠤᠭᠤᠰᠣᠨ ᠢᠳᠡᠭᠡᠨ ᠤᠮᠳᠠᠭᠠᠨ ᠰᠡᠯᠡᠭᠦᠴᠡᠯ᠂ | ᠬᠤᠪᠴᠠᠰᠤ ᠬᠤᠨᠠᠷ ᠵᠡᠷᠭᠡ ᠬᠤᠳᠠᠯᠳᠤᠭᠠᠨ ᠤ ᠨᠡᠷᠡᠲᠦ ᠲᠡᠮᠳᠡᠭ 11 ᠶᠢ ᠣᠷᠣᠭᠤᠯᠤᠨ᠎ᠠ᠃ | ᠡᠭᠦᠨ ᠠᠴᠠ ᠭᠠᠳᠠᠨ᠎ᠠ᠂ ᠭᠠᠳᠠᠭᠠᠳᠤ ᠪᠡᠯᠡ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠵᠤ ᠠᠬᠤᠢ ᠶᠢᠨ | ᠠᠵᠢᠯ ᠢ ᠦᠷᠭᠦᠯᠵᠢᠯᠡᠨ ᠠᠬᠢᠭᠤᠯᠵᠤ᠂ ᠣᠳᠣᠬᠠᠨ ᠳᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠪᠠᠷᠤᠭ 60 ᠲᠦᠮᠡᠨ ᠳ᠋ᠣᠯᠯᠠᠷ ᠢ ᠪᠡᠶᠡᠯᠡᠭᠦᠯᠵᠦ᠂ ᠨᠢᠭᠡᠨᠲᠡ ᠨᠢᠳᠤᠨᠤᠨ ᠤ ᠪᠦᠬᠦ ᠵᠢᠯ ᠤᠨ ᠶᠡᠷᠦᠩᠬᠡᠶ | ᠬᠡᠮᠵᠢᠶᠡᠡᠴᠠ ᠳᠠᠪᠠᠪᠠ︔ ᠨᠢᠭᠡ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠰᠢᠨ᠎ᠡ ᠪᠠᠷ ᠣᠷᠣᠭᠤᠯᠪᠠ︔ | ᠡᠭᠦᠨ ᠤ ᠳᠤ ᠬᠠᠮᠲᠤ᠂ ᠵᠠᠬ᠎ᠠ ᠳᠡᠯᠭᠡᠭᠦᠷᠴᠢᠯᠡᠨ ᠠᠵᠢᠯᠯᠠᠬᠤ ᠵᠠᠭᠪᠤᠷ ᠢ ᠪᠠᠷᠢᠮᠲᠠᠯᠠᠵᠤ᠂ ᠠᠷᠠᠯᠵᠢᠶ᠎ᠠ ᠬᠤᠳᠠᠯᠳᠤᠭᠠᠨ ᠤ | ᠠᠵᠤ ᠠᠬᠤᠶᠢᠯᠠᠯ ᠢ ᠢᠳᠡᠪᠬᠢᠲᠡᠢ ᠬᠥᠲᠥᠯᠥᠨ ᠵᠢᠯᠣᠭᠤᠳᠴᠤ ᠪᠠᠶᠢᠭᠠᠤᠡ ᠪᠠᠶᠠᠷ ᠳᠤᠷᠠᠰᠬᠠᠯ ᠵᠡᠷᠭᠡ ᠠᠵᠠ ᠲᠣᠬᠢᠶᠠᠯ | ᠢ ᠠᠮᠵᠢᠵᠤ᠂ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ᠂ ᠣᠯᠠᠨ ᠬᠡᠯᠪᠡᠷᠢ ᠶᠠᠩᠵᠤ ᠶᠢᠨ ᠬᠡᠷᠡᠭᠯᠡᠭᠡ ᠶᠢ | ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠶᠡᠷᠦᠩᠬᠡᠶ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ | ᠪᠡᠶᠡᠯᠡᠭᠦᠯᠦᠨ᠎ᠡ᠃ | |