ᠬᠠᠶᠢᠷᠦᠪ ᠤᠨ ᠲᠤᠬᠤᠢ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ 3 ᠺᠢᠯᠣᠮᠧᠲᠷ ᠦᠪᠡᠰᠤᠪᠡᠨ ᠭᠠᠶᠢᠯᠢ ᠶᠢᠨ ᠶᠠᠪᠤᠳᠠᠯ ᠭᠦᠢᠴᠠᠤᠡᠭᠡᠬᠦ ᠤᠶᠢᠯᠡᠴᠢᠯᠡᠭᠡᠨ ᠤ ᠲᠣᠭᠤᠷᠢᠭ ᠢ ᠪᠠᠶᠢᠭᠤᠯᠪᠠ
ᠨᠡᠶᠢᠲᠡᠯᠡᠭᠰᠡᠨ ᠴᠠᠭ᠄
2019-12-04
     ᠭᠠᠶᠢᠯᠢ ᠲᠠᠲᠠᠪᠤᠷᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠵᠦ᠂ ᠭᠠᠶᠢᠯᠢ ᠲᠤᠰᠢᠶᠠᠭᠴᠢ ᠵᠢᠨ‌ᠣᠯᠠᠨ‌ᠡᠰᠢᠵᠢᠭᠰᠡᠨ ᠭᠠᠶᠢᠯᠢ ᠭᠦᠢᠴᠠᠤᠡᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠦᠯᠵᠢᠶᠡᠵᠢᠭᠰᠡᠨ᠂ ᠨᠡᠶᠢᠭᠡᠮᠴᠢᠯᠡᠭᠰᠡᠨ ᠦᠪᠡᠰᠤᠪᠡᠨ ᠭᠠᠶᠢᠯᠢ ᠭᠦᠢᠴᠠᠤᠡᠭᠡᠬᠦ ᠤᠶᠢᠯᠡᠴᠢᠯᠡᠭᠡ ᠶᠢ ᠶᠡᠬᠡᠪᠡᠷ ᠥᠷᠨᠢᠭᠦᠯᠵᠦ᠂ ᠠᠵᠢᠯᠯᠠᠬᠤ ᠲᠣᠭᠤᠷᠢᠭ ᠲᠤ 24 ᠴᠠᠭ ᠦᠪᠡᠰᠤᠪᠡᠨ ᠭᠠᠶᠢᠯᠢ ᠭᠦᠢᠴᠠᠤᠡᠭᠡᠬᠦ ᠤᠶᠢᠯᠡᠴᠢᠯᠡᠭᠡᠨ ᠤ ᠲᠢᠩᠬᠢᠮ ᠪᠠᠶᠢᠷᠢᠯᠠᠭᠤᠯᠬᠤ ᠠᠴᠠ ᠭᠠᠳᠠᠨ᠎ᠠ᠂ ᠦᠪᠡᠰᠤᠪᠡᠨ ᠭᠠᠶᠢᠯᠢ ᠭᠦᠢᠴᠠᠤᠡᠭᠡᠬᠦ ᠤᠶᠢᠯᠡᠴᠢᠯᠡᠭᠡᠨ ᠤ ᠬᠡᠪᠴᠢᠶ᠎ᠡ ᠶᠢ ᠤᠯᠠᠮ ᠴᠢᠨᠠᠭᠰᠢᠳᠠ ᠤᠷᠲᠤᠳᠬᠠᠵᠤ᠂ ᠦᠪᠡᠰᠤᠪᠡᠨ ᠭᠠᠶᠢᠯᠢ ᠭᠦᠢᠴᠠᠤᠡᠭᠡᠬᠦ ᠦᠵᠦᠭᠦᠷ ᠢ ᠨᠡᠶᠢᠭᠡᠮ ᠲᠣᠭᠤᠷᠢᠭ᠂ ᠬᠤᠳᠠᠯᠳᠤᠭᠠᠨ ᠤ ᠠᠰᠠᠷ᠂ ᠵᠠᠰᠠᠭ ᠤᠨ ᠶᠠᠪᠤᠳᠠᠯ ᠤᠨ ᠲᠥᠪ ᠲᠤ ᠣᠷᠣᠭᠤᠯᠬᠤ ᠵᠢ‌ᠠᠬᠢᠭᠤᠯᠵᠤ᠂ 3 ᠺᠢᠯᠣᠮᠧᠳ᠋ᠷ‌ᠦᠪᠡᠰᠤᠪᠡᠨ‌ᠭᠠᠶᠢᠯᠢ ᠭᠦᠢᠴᠠᠤᠡᠭᠡᠬᠦ ᠤᠶᠢᠯᠡᠴᠢᠯᠡᠭᠡᠨ ᠤ ᠲᠣᠭᠤᠷᠢᠭ ᠢ ᠪᠦᠬᠦ ᠬᠦᠴᠦᠨ ᠢᠶᠠᠷ ᠢᠶᠠᠨ ᠪᠠᠶᠢᠭᠤᠯᠪᠠ᠃      ᠣᠳᠣᠬᠠᠨ ᠪᠣᠯᠲᠠᠯ᠎ᠠ᠂ ᠬᠠᠶᠢᠷᠦᠪ ᠤᠨ ᠲᠤᠬᠤᠢ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠤᠲᠠ ᠶᠢᠨ ᠠᠷᠠᠳ ᠤᠨ ᠲᠥᠪ᠂ ᠬᠠᠶᠢᠷᠦᠪ ᠤᠨ ᠲᠤᠬᠤᠢ ᠲᠤᠭᠤᠷᠢᠭ ᠤᠨ ᠵᠠᠰᠠᠭ  ᠤᠨ ᠶᠠᠪᠤᠳᠠᠯ ᠤᠨ ᠶᠡᠭᠡ ᠲᠢᠩᠬᠢᠮ ᠬᠠᠶᠢᠷᠦᠪ ᠤᠨ ᠲᠤᠬᠤᠢ ᠲᠤᠭᠤᠷᠢᠭ ᠤᠨ ᠪᠢᠨ ᠾᠧ ᠶᠢᠨ ᠬᠡᠷᠡᠭ ᠡᠷᠬᠢᠯᠡᠬᠦ ᠭᠠᠵᠠᠷ᠂ ᠸᠠᠨ ᠳ᠋ᠠ ᠠᠭᠤᠳᠠᠮ ᠲᠠᠯᠠᠪᠠᠢ᠂ ᠸᠠᠨ ᠺᠧ ᠯᠦᠩ ᠤᠨ ᠪᠠᠷᠠᠭ᠎ᠠ ᠬᠤᠳᠠᠯᠳᠤᠨ ᠠᠪᠬᠤ ᠲᠥᠪ᠂ ᠶᠤᠸᠠᠢ ᠰᠢᠩ ᠭᠡᠷ ᠤᠨ ᠬᠡᠷᠡᠭᠰᠡᠯ ᠵᠡᠷᠭᠡ 6 ᠭᠠᠵᠠᠷ ᠲᠤ ᠭᠠᠶᠢᠯᠢ ᠲᠤᠰᠢᠶᠠᠬᠤ ᠠᠵᠢᠯ ᠢ ᠦᠷᠭᠦᠯᠵᠢᠯᠡᠭᠦᠯᠬᠦ ᠤᠶᠢᠯᠡᠴᠢᠯᠡᠭᠡᠨ ᠤ ᠴᠡᠭ ᠭᠠᠷᠭᠠᠭᠰᠠᠨ ᠪᠥᠭᠡᠳ 15 ᠦᠵᠦᠭᠦᠷ ᠲᠥᠬᠦᠭᠡᠷᠦᠮᠵᠢ ᠣᠷᠣᠭᠤᠯᠵᠤ᠂ ᠭᠠᠶᠢᠯᠢ ᠲᠤᠰᠢᠶᠠᠭᠴᠢ ᠳᠤ ᠪᠠᠷᠢᠮᠲᠠ ᠬᠠᠩᠭᠠᠬᠤ᠂ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠣᠷᠣᠯᠠᠨ ᠬᠢᠵᠦ ᠥᠭᠴᠡᠶ᠃ ᠡᠭᠦᠨ ᠳᠤ᠂ ᠶᠤᠸᠠᠢ ᠰᠢᠩ ᠭᠡᠷ ᠤᠨ ᠬᠡᠷᠡᠭᠰᠡᠯ ᠤᠨ ᠭᠠᠶᠢᠯᠢ ᠭᠦᠢᠴᠠᠤᠡᠭᠡᠬᠦ ᠠᠵᠢᠯ ᠢ ᠤᠷᠲᠤᠳᠬᠠᠬᠤ ᠲᠣᠤᠷ ᠴᠡᠭ ᠲᠤ 24 ᠴᠠᠭ ᠤᠨ ᠤᠶᠢᠯᠡᠴᠢᠯᠡᠭᠡ ᠬᠠᠩᠭᠠᠵᠤ᠂ ᠭᠠᠶᠢᠯᠢ ᠭᠦᠢᠴᠠᠤᠡᠭᠡᠬᠦ ᠴᠠᠭ ᠭᠠᠶᠢᠯᠢ ᠭᠦᠢᠴᠠᠤᠡᠭᠡᠬᠦ ᠭᠠᠵᠠᠷ ᠤᠨ ᠬᠢᠵᠠᠭᠠᠷᠯᠠᠯ ᠢ ᠤᠯᠠᠮ ᠨᠢᠭᠡ ᠠᠯᠬᠤᠮ ᠰᠢᠪᠲᠤᠯᠵᠤ᠂ ᠠᠵᠢᠯᠯᠠᠬᠤ ᠴᠠᠭ ᠠᠴᠠ ᠭᠠᠳᠠᠨᠠᠬᠢ ᠤᠶᠢᠯᠡᠴᠢᠯᠡᠭᠡᠨ ᠤ ᠪᠠᠯᠠᠶ ᠴᠡᠭ ᠢ ᠪᠦᠲᠦᠮᠵᠢᠲᠡᠶ ᠨᠥᠬᠦᠪᠥᠷᠢᠯᠡᠪᠡ᠃ ᠡᠭᠦᠨ ᠤ ᠬᠠᠮᠲᠤ᠂ ᠬᠠᠶᠢᠷᠦᠪ ᠤᠨ ᠲᠤᠬᠤᠢ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠰᠠ ᠭᠠᠶᠢᠯᠢ ᠶᠢᠨ ᠶᠠᠪᠤᠳᠠᠯ ᠢ ᠡᠷᠬᠢᠯᠡᠨ ᠭᠦᠢᠴᠠᠤᠡᠭᠡᠬᠦ ᠲᠣᠤᠷ ᠴᠡᠭ ᠤᠨ ᠠᠵᠢᠯᠯᠠᠭᠠᠨ ᠢ ᠬᠠᠮᠠᠭᠠᠯᠠᠨ ᠬᠠᠮᠢᠶᠠᠷᠬᠤ ᠠᠷᠭ᠎ᠠ ᠶᠢ ᠲᠣᠭᠲᠠᠭᠠᠵᠤ᠂ ᠭᠠᠶᠢᠯᠢ ᠶᠢᠨ ᠶᠠᠪᠤᠳᠠᠯ ᠢ ᠡᠷᠬᠢᠯᠡᠨ ᠭᠦᠢᠴᠠᠤᠡᠭᠡᠬᠦ ᠲᠣᠤᠷ ᠴᠡᠭ ᠪᠠ‌ᠦᠪᠡᠰᠤᠪᠡᠨ ᠭᠠᠶᠢᠯᠢ ᠶᠢᠨ ᠶᠠᠪᠤᠳᠠᠯ ᠢ ᠡᠷᠬᠢᠯᠡᠨ ᠭᠦᠢᠴᠠᠤᠡᠭᠡᠬᠦ ᠦᠵᠦᠭᠦᠷ  ᠤᠨ ᠠᠶᠤᠯᠭᠦᠶ ᠶᠢᠨ ᠬᠠᠮᠢᠶᠠᠷᠤᠯᠲᠠ ᠪᠠ ᠠᠵᠢᠯᠯᠠᠭᠠᠨ ᠢ ᠦᠨᠡᠨ ᠬᠦ ᠪᠠᠲᠤᠯᠠᠪᠠ᠃      ᠬᠠᠶᠢᠷᠦᠪ ᠤᠨ ᠲᠤᠬᠤᠢ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠡᠶᠢᠭᠡᠮᠴᠢᠯᠡᠭᠰᠡᠨ ᠭᠠᠶᠢᠯᠢ ᠲᠠᠲᠠᠪᠤᠷᠢ ᠶᠢᠨ ᠤᠶᠢᠯᠡᠴᠢᠯᠡᠭᠡ ᠥᠷᠨᠢᠭᠦᠯᠬᠦ ᠪᠠᠷ ᠳᠠᠮᠵᠢᠭᠤᠯᠤᠨ᠂ ᠬᠥᠮᠦᠨ ᠤ ᠬᠦᠴᠦᠨ ᠤ ᠤᠶᠢᠯᠡᠴᠢᠯᠡᠭᠡ ᠵᠢᠴᠢ ᠭᠠᠶᠢᠯᠢ ᠲᠠᠲᠠᠪᠤᠷᠢ ᠶᠢᠨ ᠡᠬᠢ ᠪᠠᠶᠠᠯᠢᠭ ᠢ‌ᠵᠤᠬᠢᠰᠲᠠᠢ ᠪᠠᠶᠢᠷᠢᠯᠠᠭᠤᠯᠵᠤ᠂ ᠭᠠᠶᠢᠯᠢ ᠲᠠᠲᠠᠪᠤᠷᠢ ᠶᠢᠨ ᠤᠶᠢᠯᠡᠴᠢᠯᠡᠭᠡᠨ ᠤ ᠲᠢᠩᠬᠢᠮ ᠤᠨ ᠴᠣᠩᠬᠤᠨ ᠳᠠᠷᠤᠯᠲᠠ ᠶᠢ ᠨᠠᠮᠳᠠᠭᠤᠯᠵᠤ᠂ ᠭᠠᠶᠢᠯᠢ ᠲᠤᠰᠢᠶᠠᠭᠴᠢ ᠶᠢᠨ ᠤᠶᠢᠷ᠎ᠠ ᠬᠠᠪᠢ ᠳᠠᠭᠠᠨ ᠭᠠᠶᠢᠯᠢ ᠲᠠᠲᠠᠪᠤᠷᠢ ᠶᠢᠨ ᠲᠤᠬᠠᠶᠢᠯᠠᠭᠰᠠᠨ ᠠᠵᠢᠯ ᠭᠦᠢᠴᠠᠤᠡᠭᠡᠬᠦ ᠳᠤ ᠳᠥᠭᠦᠮ ᠦᠵᠡᠭᠦᠯᠦᠭᠰᠡᠨ ᠮᠥᠷᠲᠡᠭᠡᠨ ᠨᠡᠶᠢᠭᠡᠮᠴᠢᠯᠡᠭᠰᠡᠨ᠂ ᠰᠦᠯᠵᠢᠶᠡᠵᠢᠭᠰᠡᠨ ᠭᠠᠶᠢᠯᠢ ᠲᠠᠲᠠᠪᠤᠷᠢ ᠶᠢᠨ ᠤᠶᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠵᠤ᠂ ᠭᠠᠶᠢᠯᠢ ᠲᠤᠰᠢᠶᠠᠭᠴᠢ ᠳᠤ ᠴᠢᠨᠠᠷ ᠰᠠᠶᠢᠲᠠᠶ ᠳᠥᠭᠦᠮ ᠳᠥᠲᠡ ᠤᠶᠢᠯᠡᠴᠢᠯᠡᠭᠡ ᠬᠠᠩᠭᠠᠵᠤ᠂ ᠭᠠᠶᠢᠯᠢ ᠲᠤᠰᠢᠶᠠᠭᠴᠢ ᠶᠢᠨ ᠭᠠᠶᠢᠯᠢ ᠲᠤᠰᠢᠶᠠᠬᠤ ᠥᠪᠡᠷ ᠤᠨ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠠᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号