ᠠᠵᠢᠯ ᠣᠯᠭᠤᠯᠲᠠ ᠠᠵᠢᠯ ᠠᠯᠳᠠᠯᠲᠠ ᠶᠢ ᠳᠠᠩᠰᠠᠯᠠᠬᠤ ᠠᠵᠢᠯ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2019-12-05
     ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠣᠪᠴᠢᠶ᠎ᠠ ᠶᠢᠨ ᠠᠵᠢᠯ ᠣᠯᠭᠤᠯᠲᠠ ᠠᠵᠢᠯ ᠠᠯᠳᠠᠯᠲᠠ ᠶᠢ ᠳᠠᠩᠰᠠᠯᠠᠬᠤ ᠠᠵᠢᠯ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠪᠠ᠃ 11ᠰᠠᠷ᠎ᠠ ᠳᠤ᠂ ᠰᠢᠨ᠎ᠡ ᠪᠠᠷ ᠡᠷᠬᠢᠯᠡᠭᠰᠡᠨ ᠠᠵᠢᠯ ᠣᠯᠤᠭᠰᠠᠨ ᠪᠠ ᠠᠵᠢᠯ ᠠᠯᠳᠠᠭᠰᠠᠨ ᠠᠵᠢᠯᠲᠠᠨ ᠨᠡᠶᠢᠲᠡ 143 ᠬᠥᠮᠥᠨ ᠪᠠᠶᠢᠵᠤ᠂ ᠤᠯᠤᠰ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ᠂ ᠠᠵᠢᠯ ᠠᠯᠳᠠᠯᠲᠠ ᠶᠢᠨ ᠮᠥᠩᠭᠦ ᠠᠪᠴᠤ ᠪᠠᠶᠢᠳᠠᠯ ᠢᠶᠠᠨ ᠥᠭᠡᠷᠡᠴᠢᠯᠡᠭᠰᠡᠨ ᠬᠥᠮᠥᠨ ᠨᠡᠶᠢᠲᠡ 164᠃      ᠣᠶᠢᠯᠠᠭᠠᠭᠰᠠᠨ ᠢᠶᠠᠷ᠂ ᠬᠠᠶᠢᠷᠤᠪ ᠤᠨ ᠲᠣᠬᠤᠢ ᠲᠣᠭᠤᠷᠢᠭ ᠨᠢ ᠠᠵᠢᠯ ᠣᠯᠭᠤᠯᠲᠠ ᠪᠠ ᠠᠵᠢᠯ ᠠᠯᠳᠠᠯᠲᠠ ᠳᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠦᠨᠡᠮᠯᠡᠯ ᠨᠢᠭᠡᠪᠦᠷᠢ ᠨᠢ ᠴᠥᠮ ᠦᠨᠡᠮᠯᠡᠯ ᠭᠠᠷᠳᠠᠭᠴᠢ ᠶᠢᠨ ᠪᠡᠶ᠎ᠡ ᠶᠢᠨ ᠦᠨᠡᠮᠯᠡᠯ ᠲᠠᠢ ᠵᠣᠬᠢᠴᠠᠯᠳᠤᠵᠤ᠂ ᠬᠥᠳᠡᠯᠮᠦᠷᠢᠴᠢᠨ ᠨᠢᠭᠡᠪᠦᠷᠢ ᠨᠢ ᠵᠥᠪᠬᠡᠨ ᠠᠵᠢᠯ ᠣᠯᠭᠤᠯᠲᠠ ᠪᠠ ᠠᠵᠢᠯ ᠠᠯᠳᠠᠯᠲᠠ ᠶᠢᠨ ᠲᠤᠰᠠᠭᠠᠷ ᠳ᠋ᠤᠭᠠᠷ ᠲᠠᠢ ᠪᠠᠶᠢᠵᠤ᠂ ᠦᠨᠡᠮᠯᠡᠯ ᠢ ᠬᠥᠳᠡᠯᠮᠦᠷᠢᠴᠢᠨ ᠲᠣᠰ ᠬᠥᠮᠥᠨ ᠨᠢ ᠬᠠᠳᠠᠭᠠᠯᠠᠨ ᠬᠠᠮᠢᠶᠠᠷᠴᠤ᠂ ᠪᠤᠰᠤᠳ ᠲᠤ ᠰᠢᠯᠵᠢᠭᠦᠯᠦᠨ ᠥᠭᠴᠦ ᠬᠡᠷᠡᠭᠯᠡᠭᠦᠯᠵᠦ ᠪᠣᠯᠬᠤ ᠥᠬᠡᠶ᠂ ᠡᠨᠡ ᠨᠢ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠨ ᠬᠠᠮᠠᠭᠠᠯᠠᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号