ᠬᠠᠶᠢᠷᠤᠪ ᠤᠨ ᠲᠣᠬᠤᠢ ᠲᠣᠭᠤᠷᠢᠭ ᠤᠨ ᠬᠢᠨ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠨ ᠬᠠᠤᠯᠢ ᠰᠤᠷᠤᠯᠴᠠᠯᠭ᠎ᠠ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2019-12-05
     ᠦᠨᠳᠦᠰᠦᠨ ᠬᠠᠤᠯᠢ ᠶᠢ ᠭᠦᠨᠵᠡᠭᠡᠶ ᠰᠤᠷᠤᠯᠴᠠᠵᠤ᠂ ᠲᠥᠷᠦ ᠶᠢᠨ ᠠᠵᠢᠯᠲᠠᠨ ᠤ ᠬᠠᠤᠯᠢ ᠰᠤᠷᠤᠯᠴᠠᠵᠤ ᠬᠠᠤᠯᠢ ᠬᠡᠷᠡᠭᠯᠡᠬᠦ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠠᠬᠢᠭᠤᠯᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ‌ᠢ ᠨᠠᠶᠢᠳᠠᠪᠤᠷᠢᠵᠢᠭᠤᠯᠤᠭᠰᠠᠨ ᠨᠡᠶᠢᠭᠡᠮ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠪᠦᠬᠦ ᠠᠷᠠᠳ ᠢᠶᠠᠷ ᠢᠶᠠᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠵᠡᠷᠭᠡ ᠶᠢ ᠪᠣᠶ ᠪᠣᠯᠭᠠᠬᠤ ᠶᠢᠨ ᠲᠥᠯᠥᠭᠡ᠂ 10 ᠰᠠᠷ᠎ᠠ ᠶᠢᠨ 16᠎ ᠤ ᠡᠳᠦᠷ ᠠᠴᠠ ᠡᠬᠢᠯᠡᠨ᠂ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠲᠦᠭᠡᠮᠡᠯᠵᠢᠭᠦᠯᠬᠦ ᠠᠯᠪᠠᠨ ᠭᠡᠷ ᠪᠦᠬᠦ ᠲᠤᠭᠤᠷᠢᠭ ‍ᠤᠨ‌ᠡᠯ᠎ᠡ ᠨᠢᠭᠡᠴᠡ ᠶᠢ ᠵᠣᠬᠢᠶᠠᠨ ᠪᠠᠶᠢᠭᠤᠯᠵᠤ ᠨᠢᠭᠡ ᠰᠠᠷ᠎ᠠ ᠶᠢᠨ ᠬᠤᠭᠤᠴᠠᠭ᠎ᠠ ᠲᠠᠢ ︽ᠥᠪᠥᠷ ᠮᠣᠩᠭᠤᠯ ᠤᠨ ᠦᠨᠳᠦᠰᠦᠨ ᠬᠠᠤᠯᠢ ᠤᠬᠠᠭᠤᠯᠭ᠎ᠠ ᠵᠢᠴᠢ ᠪᠦᠬᠦ ᠠᠷᠠᠳ ᠢᠶᠠᠷ ᠢᠶᠠᠨ ᠬᠠᠤᠯᠢ ᠲᠦᠭᠡᠮᠡᠯᠵᠢᠭᠦᠯᠬᠦ ᠰᠦᠯᠵᠢᠶᠡᠨ ᠳᠡᠭᠡᠷ᠎ᠡ ᠱᠠᠩᠨᠠᠯ ᠲᠠᠢ ᠰᠡᠳᠦᠪ ᠬᠠᠷᠢᠭᠤᠯᠬᠤ︾ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠡᠬᠢᠯᠡᠮᠡᠭᠴᠡ᠂ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠲᠦᠭᠡᠮᠡᠯᠵᠢᠭᠦᠯᠬᠦ ᠠᠵᠢᠯ ᠶᠢᠨ ᠠᠯᠪᠠᠨ ᠭᠡᠷ ᠢᠳᠡᠪᠬᠢᠲᠡᠢ ᠲᠤᠬᠢᠷᠠᠭᠤᠯᠤᠨ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠬᠢᠨ ᠲᠣᠰ ᠨᠢᠭᠡᠴᠡ᠂ ᠲᠣᠰ ᠰᠠᠯᠠᠭ᠎ᠠ ᠮᠥᠴᠢᠷ ᠤᠨ ᠠᠵᠢᠯᠲᠠᠨ ᠢᠶᠠᠨ ᠵᠣᠬᠢᠶᠠᠨ ᠪᠠᠶᠢᠭᠤᠯᠵᠤ ᠰᠡᠳᠦᠪ ᠬᠠᠷᠢᠭᠤᠯᠬᠤ ᠳᠤ ᠣᠷᠣᠯᠴᠠᠬᠤ ᠶᠢ ᠱᠠᠭᠠᠷᠳᠠᠵᠤ᠂ ᠣᠨᠴᠠᠭᠠᠢᠯᠠᠨ ᠪᠥᠬᠦᠳᠡ ᠶᠢ ᠣᠷᠣᠯᠴᠠᠭᠤᠯᠬᠤ ᠶᠢᠨ ᠬᠠᠮᠲᠤ ᠲᠣᠰ ᠪᠢᠴᠢᠭ ᠮᠠᠲ᠋ᠧᠷᠢᠶᠠᠯ ᠢ ᠡᠯ᠎ᠡ ᠠᠵᠢᠯ ᠶᠢᠨ ᠰᠦᠷᠦᠭ ᠲᠤ ᠴᠠᠭ ᠲᠤᠬᠠᠶ ᠳᠤᠨᠢ ᠳᠠᠮᠵᠢᠭᠤᠯᠤᠨ ᠲᠠᠷᠬᠠᠭᠠᠵᠤ᠂ ᠠᠵᠢᠯᠯᠠᠭ᠎ᠠ ᠶᠢᠨ ᠮᠡᠳᠡᠭᠳᠡᠯ ᠢ ᠪᠣᠳᠠᠲᠠᠶᠢᠵᠢᠭᠤᠯᠬᠤ ᠶᠢ ᠪᠠᠲᠤᠯᠠᠵᠤ᠂ ᠴᠠᠭ ᠲᠤᠬᠠᠶ ᠳᠤᠨᠢ ᠥᠷᠨᠢᠭᠦᠯᠬᠦ ᠶᠢ ᠱᠠᠭᠠᠷᠳᠠᠪᠠ᠃     ᠰᠡᠳᠦᠪ ᠬᠠᠷᠢᠭᠤᠯᠬᠤ ᠠᠵᠢᠯᠯᠠᠭ᠎ᠠ ᠶᠢᠨ ᠬᠤᠭᠤᠴᠠᠭᠠᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠯ᠎ᠡ ᠪᠦᠷᠢᠯᠳᠦᠬᠦᠨ ᠨᠢᠭᠡᠴᠡ ᠶᠢᠨ ᠠᠵᠢᠯ ᠳᠤ ᠪᠠᠶᠢᠭ᠎ᠠ ᠠᠵᠢᠯᠲᠠᠳ ᠴᠥᠮ ︽ᠰᠦᠯᠵᠢᠶᠡᠨ ᠳᠡᠭᠡᠷ᠎ᠡ ᠱᠠᠩᠨᠠᠯ ᠲᠠᠢ ᠰᠡᠳᠦᠪ ᠬᠠᠷᠢᠭᠤᠯᠬᠤ︾ ᠠᠵᠢᠯᠯᠠᠭ᠎ᠠ ᠳᠤ ᠣᠷᠣᠯᠴᠠᠭᠰᠠᠨ ᠪᠥᠭᠡᠳ ︽ᠰᠦᠯᠵᠢᠶᠡᠨ ᠳᠡᠭᠡᠷ᠎ᠡ ᠱᠠᠩᠨᠠᠯ ᠲᠠᠢ ᠰᠡᠳᠦᠪ ᠬᠠᠷᠢᠭᠤᠯᠬᠤ︾ ᠠᠵᠢᠯᠯᠠᠭ᠎ᠠ ᠶᠢ ᠲᠣᠰ ᠨᠢᠭᠡᠴᠡ᠂ ᠲᠣᠰ ᠰᠠᠯᠠᠭ᠎ᠠ ᠮᠥᠴᠢᠷ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠪᠢᠴᠢᠯ ᠪᠦᠷᠭᠡ᠂ ᠳᠠᠭᠤ ᠬᠦᠩᠭᠢᠨᠡᠬᠦ ᠵᠡᠷᠭᠡ ᠵᠠᠭᠤᠴᠢᠯᠠᠭᠤᠷ ᠲᠤ ᠨᠡᠶᠢᠲᠡᠯᠡᠪᠡ︔ ᠬᠡᠰᠡᠭ ᠠᠵᠢᠯᠲᠠᠨ ᠵᠢᠴᠢ ᠣᠯᠠᠨ ᠲᠦᠮᠡᠨ ᠰᠠᠨᠠᠭᠠᠴᠢᠯᠠᠭ᠎ᠠ ᠠᠴᠠ ᠪᠠᠨ ᠠᠵᠢᠯᠯᠠᠭ᠎ᠠ ᠶᠢ ᠬᠤᠪᠢ ᠬᠥᠮᠦᠨ ᠤ ᠸᠢᠴᠠᠲ ᠤᠨ ᠨᠠᠶᠢᠵᠠ ᠶᠢᠨ ᠲᠣᠭᠤᠷᠢᠭ ᠵᠢᠴᠢ ᠪᠢᠴᠢᠯ ᠪᠯᠤᠭ ᠳᠡᠭᠡᠷ᠎ᠡ ᠳᠠᠮᠵᠢᠭᠤᠯᠤᠨ ᠲᠠᠷᠬᠠᠭᠠᠵᠤ᠂ ᠥᠷᠭᠡᠨ ᠣᠯᠠᠨ ᠲᠦᠮᠡᠨ ᠢ ᠳᠠᠶᠢᠴᠢᠯᠠᠨ ᠬᠠᠮᠲᠤ ᠪᠠᠷ ᠰᠡᠳᠦᠪ ᠬᠠᠷᠢᠭᠤᠯᠬᠤ ᠠᠵᠢᠯᠯᠠᠭ᠎ᠠ ᠳᠤ ᠣᠷᠣᠯᠴᠠᠭᠤᠯᠪᠠ︔ ᠬᠠᠷᠢᠶ᠎ᠠ ᠣᠷᠣᠨ ᠤ ᠠᠵᠤ ᠠᠬᠤᠶᠢᠯᠠᠯ ᠵᠢᠴᠢ ᠰᠤᠷᠤᠭᠴᠢᠳ ᠤᠨ ᠭᠡᠷ ᠤᠨ ᠠᠬᠠᠮᠠᠳ ᠰᠡᠳᠦᠪ ᠬᠠᠷᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠰᠡᠳᠦᠪ ᠬᠠᠷᠢᠭᠤᠯᠬᠤ ᠳᠤ ᠣᠷᠣᠯᠴᠠᠬᠤ ᠨᠣᠷᠮ᠎ᠠ ᠶᠢᠨ ᠳᠡᠭᠡᠭᠰᠢᠯᠡᠭᠦᠯᠦᠨ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃      ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠶᠢᠨ ᠠᠯᠪᠠᠨ ᠭᠡᠷ ᠮᠥᠷᠳᠡᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠯ᠎ᠡ ᠨᠢᠭᠡᠴᠡ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠲᠣᠰ ᠨᠢᠭᠡᠴᠡ ᠶᠢᠨ ᠢᠶᠠᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠲᠠᠰᠤᠯᠳᠠᠯ ᠵᠢᠷᠤᠭ ᠵᠢᠴᠢ ᠠᠵᠢᠯᠲᠠᠨ ᠤ ᠰᠡᠳᠦᠪ ᠬᠠᠷᠢᠭᠤᠯᠬᠤ ᠲᠠᠰᠤᠯᠳᠠᠯ ᠵᠢᠷᠤᠭ ᠢ ᠴᠠᠭ ᠲᠤᠬᠠᠶ ᠳᠤᠨᠢ ᠲᠤᠭᠤᠷᠢᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠶᠢᠨ ᠠᠯᠪᠠᠨ ᠭᠡᠷ ᠲᠤ ᠬᠠᠷᠢᠭᠤ ᠲᠤᠰᠬᠠᠬᠤ ᠶᠢᠨ ᠤᠯᠠᠮ ᠠᠴᠠ ᠣᠷᠣᠯᠴᠠᠬᠤ ᠨᠣᠷᠮ᠎ᠠ ᠶᠢᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯᠯᠠᠭ᠎ᠠ ᠶᠢᠨ ᠬᠡᠯᠪᠡᠷᠢ ᠶᠢᠨ ᠲᠡᠳᠦᠶ ᠪᠣᠯᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠮᠥᠨ ᠴᠢᠨᠠᠷ ᠤᠨ ᠦᠷ᠎ᠡ ᠪᠦᠲᠦᠮᠵᠢ ᠣᠯᠬᠤ ᠬᠡᠷᠡᠭᠲᠡᠶ᠃      ᠣᠳᠣᠬᠠᠨ ᠪᠣᠯᠲᠠᠯ᠎ᠠ᠂ ᠬᠠᠶᠢᠷᠤᠪ ᠤᠨ ᠲᠣᠬᠤᠢ ᠲᠣᠭᠤᠷᠢᠭ ᠤᠨ ᠪᠦᠬᠦ ᠠᠷᠠᠳ ᠤᠨ ᠬᠠᠤᠯᠢ ᠲᠦᠭᠡᠮᠡᠯᠵᠢᠭᠦᠯᠬᠦ ᠰᠦᠯᠵᠢᠶᠡᠨ ᠳᠡᠭᠡᠷᠡᠬᠢ ᠱᠠᠩᠨᠠᠯ ᠲᠠᠢ ᠰᠡᠳᠦᠪ ᠬᠠᠷᠢᠭᠤᠯᠬᠤ ᠠᠵᠢᠯᠯᠠᠭ᠎ᠠ ᠳᠤ ᠣᠷᠣᠯᠴᠠᠭᠰᠠᠨ ᠬᠥᠮᠦᠨ ᠤ ᠲᠤᠭ᠎ᠠ 8300 ᠭᠠᠷᠤᠶ ᠪᠣᠯᠵᠤ᠂ 21000 ᠭᠠᠷᠤᠶ ᠬᠥᠮᠦᠨ ᠤᠳᠠᠭ᠎ᠠ ᠳᠤ ᠬᠦᠷᠴᠡᠶ᠃ ᠡᠨᠡ ᠤᠳᠠᠭ᠎ᠠ ᠶᠢᠨ ᠦᠨᠳᠦᠰᠦᠨ ᠬᠠᠤᠯᠢ ᠤᠬᠠᠭᠤᠯᠭ᠎ᠠ ᠵᠢᠴᠢ ᠪᠦᠬᠦ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠨᠢ ᠪᠦᠬᠦ ᠲᠤᠭᠤᠷᠢᠭ ᠤᠨ ᠺᠠᠳ᠋ᠷ ᠣᠯᠠᠨ ᠲᠦᠮᠡᠨ ᠤ ᠦᠨᠳᠦᠰᠦᠨ ᠬᠠᠤᠯᠢ ᠶᠢ ᠰᠤᠷᠤᠯᠴᠠᠬᠤ ᠳᠤ ᠣᠷᠣᠯᠴᠠᠬᠤ ᠢᠳᠡᠪᠬᠢᠵᠢᠯ ᠢ‌‍ᠴᠢᠨᠠᠭᠰᠢᠳᠠ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠤᠷᠤᠭᠰᠢᠲᠠᠶ ᠥᠷᠨᠢᠭᠦᠯᠬᠦ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠠᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号