ᠪᠦᠬᠦ ᠬᠤᠲᠠ ᠶᠢᠨ ᠬᠤᠲᠠ ᠵᠢᠨ‌ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠢᠴᠢ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠠᠭᠤᠰᠤᠯᠴᠠᠬᠤ ᠠᠵᠢᠯᠯᠠᠭ᠎ᠠ︾᠎ ᠶᠢᠨ ᠲᠣᠭᠤᠷᠢᠨ ᠦᠵᠡᠵᠦ ᠰᠣᠯᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-06
     12 ᠰᠠᠷ᠎ᠠ ᠶᠢᠨ 3᠎ ᠤ ᠡᠳᠦᠷ᠂ ᠪᠥᠬᠦ ᠬᠤᠲᠠ ᠶᠢᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠢᠴᠢ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ︽ᠠᠭᠤᠰᠤᠯᠴᠠᠬᠤ ᠠᠵᠢᠯᠯᠠᠭ᠎ᠠ︾᠎ ᠶᠢᠨ ᠲᠣᠭᠤᠷᠢᠨ ᠦᠵᠡᠵᠦ ᠰᠣᠯᠢᠯᠴᠠᠬᠤ ᠬᠤᠷᠠᠯ ᠬᠠᠶᠢᠷᠤᠪ ᠤᠨ ᠲᠣᠬᠤᠢ ᠲᠣᠭᠤᠷᠢᠭ ᠲᠤ ᠬᠤᠷᠠᠯᠳᠤᠪᠠ᠃       ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠰᠣᠯᠢᠯᠴᠠᠭᠠᠨ ᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠵᠢᠶ ᠰᠢᠶᠣᠤ ᠴᠢᠩ᠂ ᠰᠦ᠋ ᠵᠦᠩ ᠱᠧᠩ᠂ ᠳ᠋ᠧᠩ ᠺᠠᠶ᠂ ᠡᠤ ᠰᠢᠶᠣᠤ ᠬᠤᠢ᠂ ᠯᠢᠶᠠᠩ ᠱᠣ᠋ ᠫᠢᠩ᠂ ᠸᠠᠩ ᠰᠢᠶᠠᠨ ᠭᠠᠩ ᠲᠣᠰ ᠲᠣᠰ ᠲᠣᠭᠤᠷᠢᠨ ᠦᠵᠡᠬᠦ ᠠᠵᠢᠯᠯᠠᠭ᠎ᠠ ᠪᠠ ᠰᠣᠯᠢᠯᠴᠠᠭᠠᠨ ᠤ ᠬᠤᠷᠠᠯ ᠳᠤ ᠣᠷᠣᠯᠴᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠭᠰᠠᠨ ᠪᠥᠭᠡᠳ ᠰᠣᠯᠢᠯᠴᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠨ ᠰᠤᠷᠤᠯᠴᠠᠬᠤ ᠪᠦᠯᠬᠦᠮ ᠤᠨ ᠪᠦᠷᠢᠯᠳᠦᠬᠦᠨ ᠨᠡᠷ ᠤᠷᠢᠳ ᠬᠤᠵᠢᠳ ᠪᠢᠨ ᠾᠧ ᠵᠡᠭᠡᠯᠢ ᠭᠤᠳᠤᠮᠵᠢ᠂ ᠬᠠᠢ ᠰᠢᠨ ᠨᠡᠶᠢᠭᠡᠮ ᠲᠣᠭᠤᠷᠢᠭ᠂ ᠰᠢᠨ ᠬᠠᠢ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠶᠢᠩ ᠯᠦᠩ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ᠂ ︽ᠴᠠᠭ ᠤᠨ ᠨᠠᠶᠢᠵᠠ︾ ᠨᠠᠮ ᠤᠨ ᠡᠭᠦᠷ ᠪᠣᠯᠤᠨ ᠹᠧᠩ ᠬᠤᠸᠠᠩ ᠭᠤᠳᠤᠮᠵᠢ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠢᠯᠡᠳᠦᠯᠭᠡ ᠶᠢᠨ ᠵᠢᠱᠢᠶ᠎ᠡ ᠦᠵᠡᠭᠦᠯᠬᠦ ᠴᠡᠭ ᠲᠤ ᠬᠦᠷᠴᠦ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠥᠭᠡᠷᠡᠴᠢᠯᠡᠯᠲᠡ ᠶᠢ ᠬᠥᠲᠥᠯᠥᠨ ᠳᠠᠭᠠᠭᠤᠯᠬᠤ ᠰᠡᠳᠬᠢᠴᠡ ᠠᠷᠭ᠎ᠠ ᠬᠡᠮᠵᠢᠶ᠎ᠡ ᠪᠣᠯᠤᠨ ᠠᠷᠭ᠎ᠠ ᠬᠢᠳᠡᠯ ᠲᠤᠷᠰᠢᠯᠭ᠎ᠠ ᠶᠢ ᠲᠤᠬᠠᠶ ᠶᠢᠨ ᠭᠠᠵᠠᠷ ᠲᠤᠨᠢ ᠣᠶᠢᠯᠠᠭᠠᠪᠠ᠃      ᠦᠳᠡ ᠬᠤᠶᠢᠨ᠎ᠠ ᠬᠤᠷᠠᠯᠳᠤᠭᠰᠠᠨ ᠰᠣᠯᠢᠯᠴᠠᠭᠠᠨ ᠤ ᠬᠤᠷᠠᠯ ᠳᠡᠭᠡᠷ᠎ᠡ᠂ ᠭᠤᠷᠪᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠪᠢᠨ ᠡᡁᠧ ᠵᠡᠭᠡᠯᠢ ᠭᠤᠳᠤᠮᠵᠢ ᠶᠢᠨ ᠪᠢᠨ ᠡᡁᠧ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃     ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠬᠥᠲᠥᠯᠥᠨ ᠳᠠᠭᠠᠭᠤᠯᠬᠤ ᠳᠤ ᠰᠢᠨ᠎ᠡ ᠪᠠᠶᠢᠳᠠᠯ ᠪᠠ ᠡᠭᠦᠷᠭᠡ ᠲᠤᠯᠭᠠᠷᠠᠵᠤ ᠪᠠᠶᠢᠨ᠎ᠠ᠂ ᠮᠠᠨ ᠤ ᠬᠤᠲᠠ ᠶᠢᠨ ᠠᠵᠢᠯ ᠨᠢ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ᠂ ᠵᠠᠷᠢᠮ ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ ᠪᠠᠰᠠ ᠢᠯᠡᠷᠬᠡᠶ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠦ ᠶᠢᠨ ᠬᠠᠷᠢᠭᠤᠴᠠᠯᠭ᠎ᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠠᠵᠢᠯ ᠢᠶᠠᠨ ᠦᠨᠡᠨ ᠬᠦ ᠴᠢᠩᠭᠠᠳᠬᠠᠵᠤ᠂ ᠨᠠᠮ ᠤᠨ ᠲᠥᠷᠥ ᠪᠠᠷᠢᠬᠤ ᠰᠠᠭᠤᠷᠢ ᠶᠢ ᠪᠠᠬᠢᠵᠢᠭᠦᠯᠬᠦ ᠥᠨᠳᠥᠷᠴᠡ ᠠᠴᠠ ᠡᠭᠦᠰᠴᠦ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠮᠠᠨ ᠤ ᠬᠤᠲᠠ ᠶᠢᠨ ︽ᠲᠠᠪᠤᠨ ᠲᠣᠭᠤᠷᠢᠭ︾᠎ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠰᠠᠶᠢᠨ ᠰᠠᠶᠢᠬᠠᠨ ᠵᠣᠬᠢᠶᠠᠨ ᠪᠠᠶᠢᠭᠤᠯᠤᠯᠲᠠ ᠶᠢᠨ ᠰᠠᠭᠤᠷᠢ ᠪᠠ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠬᠦ ᠪᠠᠷ ᠴᠢᠷᠮᠠᠶᠢᠬᠤ ᠬᠡᠷᠡᠭᠲᠡᠢ ᠭᠡᠵᠡᠢ᠃      ᠱᠢ ᠸᠠᠨ ᠵᠢᠶᠦ᠋ᠨ᠂ ᠬᠤᠲᠠ ᠶᠢᠨ ᠵᠠᠰᠠᠯᠲᠠ ᠳᠤ ᠦᠨᠳᠦᠰᠦᠨ ᠱᠠᠲᠤ ᠶᠢ ᠶᠡᠬᠡᠪᠡᠷ ᠠᠳᠬᠤᠬᠤ ᠤᠳᠤᠷᠢᠳᠤᠮᠵᠢ ᠶᠢ ᠪᠣᠶ ᠪᠣᠯᠭᠠᠵᠤ᠂ ᠬᠤᠲᠠ ᠶᠢᠨ ᠵᠠᠰᠠᠯᠲᠠ ᠳᠤ ᠪᠤᠴᠠᠵᠤ ᠢᠷᠡᠭᠰᠡᠨ ᠨᠢ ᠣᠯᠠᠨ ᠲᠦᠮᠡᠨ ᠤ ᠢᠳᠡᠵᠦ ᠡᠮᠦᠰᠬᠦ ᠶᠠᠪᠤᠵᠤ ᠰᠠᠭᠤᠬᠤ ᠳᠠᠬᠢ ᠠᠩᠬᠠᠷᠤᠯ ᠲᠠᠯᠪᠢᠬᠤ ᠶᠢ ᠠᠬᠢᠭᠤᠯᠵᠤ᠂ ᠺᠠᠳ᠋ᠷ ᠪᠣᠯᠤᠨ ᠣᠯᠠᠨ ᠲᠦᠮᠡᠨ ᠤ ᠰᠠᠯᠵᠤ ᠪᠣᠯᠣᠰᠢ ᠦᠭᠡᠢ ᠬᠠᠶᠢᠷ᠎ᠠ ᠰᠡᠳᠬᠢᠯᠭᠡ ᠶᠢ ᠰᠡᠷᠭᠦᠭᠡᠵᠦ᠂ ᠬᠤᠲᠠ ᠶᠢᠨ ᠵᠠᠰᠠᠯᠲᠠ ᠶᠢᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠲᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠦ ᠶᠢᠨ ᠴᠢᠳᠠᠮᠵᠢ ᠪᠠ ᠳᠠᠶᠢᠴᠢᠨ ᠬᠦᠴᠦᠨ ᠢ ᠴᠢᠩᠭᠠᠳᠬᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠶ᠃ ᠦᠨᠳᠦᠰᠦᠨ ᠱᠠᠲᠤᠨ ᠤ ᠪᠠᠬᠢᠯᠡᠯᠲᠡ ᠶᠢ ᠲᠠᠰᠤᠷᠠᠯᠲᠠ ᠦᠭᠡᠢ ᠪᠠᠬᠢᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠬᠤᠲᠠ᠂ ᠲᠣᠭᠤᠷᠢᠭ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠳᠥᠷᠪᠡᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠰᠢᠰᠲ᠋ᠧᠮ ᠢ ᠪᠦᠷᠢᠨᠰᠢᠭᠦᠯᠬᠦ ᠶᠢ ᠠᠬᠢᠭᠤᠯᠵᠤ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ ᠬᠠᠮᠲᠤᠪᠠᠷ ᠡᠳ᠋ᠯᠡᠬᠦ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠪᠠ ᠠᠵᠢᠯᠯᠠᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠴᠢᠳᠠᠮᠵᠢ ᠶᠢᠨ ᠪᠦᠬᠦᠯᠢ ᠴᠣᠭᠴᠠ ᠶᠢᠨ ᠦᠢᠯᠡᠳᠦᠯ ᠢ ᠴᠢᠩᠭᠠᠳᠬᠠᠬᠤ ᠬᠡᠷᠡᠭᠲᠡᠶ ᠭᠡᠵᠡᠢ᠃      ᠱᠢ ᠸᠠᠨ ᠵᠢᠶᠦ᠋ᠨ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠠᠮᠵᠢᠵᠤ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠦᠬᠠᠶ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠢᠭᠡᠳ ᠬᠤᠲᠠ ᠶᠢᠨ ᠵᠠᠰᠠᠯᠲᠠ ᠶᠢᠨ ᠬᠤᠤᠰ ᠠᠮᠵᠢᠯᠲᠠ ᠣᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号