ᠭᠦᠸᠧ ᠱᠢ ᠯᠦᠩ᠂ ᠡᠷᠡᠭᠲᠡᠶ᠂ ᠬᠢᠲᠠᠳ ᠦᠨᠳᠦᠰᠦᠲᠡᠨ᠂ 1981 ᠤᠨ ᠤ 11 ᠰᠠᠷ᠎ᠠ ᠳᠤ ᠲᠥᠷᠥᠵᠡᠢ᠂ | ᠥᠪᠥᠷ ᠮᠣᠩᠭᠤᠯ ᠤᠨ ᠤᠯᠠᠭᠠᠨᠬᠠᠳᠠ ᠶᠢᠨ ᠬᠥᠮᠦᠨ᠂ 2002 ᠤᠨ ᠤ 7 ᠰᠠᠷ᠎ᠠ ᠳᠤ ᠠᠵᠢᠯ ᠳᠤ ᠣᠷᠣᠵᠤ᠂ | 2008 ᠤᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠤᠰᠬᠠᠶ ᠮᠡᠷᠭᠡᠵᠢᠯ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠣᠳᠣ ᠦᠬᠠᠶ ᠬᠤᠲᠠ ᠶᠢᠨ ᠬᠠᠶᠢᠷᠤᠪ ᠤᠨ ᠲᠣᠬᠤᠢ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠶ᠃ | ᠦᠨᠳᠦᠰᠦᠲᠡᠨ ᠤ ᠬᠡᠷᠡᠭ ᠶᠠᠪᠤᠳᠠᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ ᠵᠡᠷᠭᠡ | ᠲᠠᠯ᠎ᠠ ᠶᠢᠨ ᠠᠵᠢᠯ ᠢ ᠬᠠᠪᠰᠤᠷᠤᠨ ᠬᠠᠷᠢᠭᠤᠴᠠᠨ᠎ᠠ᠃ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠢ ᠪᠠᠭᠲᠠᠭᠠᠨ᠎ᠠ︶᠂ ᠲᠤᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠲᠤᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠡᠮ | ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ |