ᠰᠢ ᠶᠢᠨ ᠫᠢᠩ᠄ ᠡᠯ᠎ᠡ ᠦᠨᠳᠦᠰᠦᠲᠡᠨ ᠨᠦᠭᠦᠳ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2019-07-17
   ᠰᠢ ᠶᠢᠨ ᠫᠢᠩ ᠤᠯᠠᠭᠠᠨᠮᠥ᠋ᠴᠢᠷ ᠢ ᠮᠠᠭᠲᠠᠨ ᠰᠠᠶᠢᠰᠢᠶᠠᠪᠠ᠄ ᠣᠯᠠᠨ ᠲᠦᠮᠡᠨ ᠲᠠᠢ ᠮᠠᠰᠢ ᠤᠶᠢᠷᠠᠳᠦᠭ᠌ᠰᠠᠨ᠂ ᠠᠷᠠᠳ ᠣᠯᠠᠨ ᠦᠵᠡᠵᠦ ᠰᠣᠨᠣᠰᠬᠤ ᠳᠤᠷᠠᠲᠠᠶ    15᠎ ᠤ ᠦᠳᠡ ᠶᠢᠨ ᠡᠮᠦᠨ᠎ᠡ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠬᠢᠩᠭᠠᠨ ᠵᠡᠭᠡᠯᠢ ᠭᠤᠳᠤᠮᠵᠢ ᠶᠢᠨ ᠯᠢᠨ ᠵᠧᠨ ᠶᠤᠸᠠᠨ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠡ᠃ ᠬᠢᠩᠭᠠᠨ ᠵᠡᠭᠡᠯᠢ ᠭᠤᠳᠤᠮᠵᠢ ᠶᠢᠨ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ ᠪᠠᠶᠠᠷᠯᠠᠨ ᠬᠥᠭᠡᠷᠦᠯᠳᠦᠵᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠤᠯᠠᠭᠠᠨᠬᠠᠳᠠ ᠬᠤᠲᠠ ᠶᠢᠨ ᠰᠢᠭᠤᠳ ᠬᠠᠷᠢᠶ᠎ᠠ ᠤᠯᠠᠭᠠᠨᠮᠥ᠋ᠴᠢᠷ ᠤᠨ ᠭᠡᠰᠢᠭᠦᠳ ᠤᠨ ᠵᠢᠯᠣᠭᠤᠳᠤᠯᠭ᠎ᠠ ᠳᠣᠤᠷ᠎ᠠ ᠳᠠᠭᠤᠯᠠᠨ ᠪᠥᠵᠢᠭᠯᠡᠪᠡ᠃ ᠣᠯᠠᠨ ᠤ ᠳᠠᠪᠲᠠᠨ ᠪᠣᠯᠪᠠᠰᠤᠷᠠᠯᠲᠠ ᠶᠢ ᠦᠵᠡᠭᠡᠳ ᠰᠢ ᠶᠢᠨ ᠫᠢᠩ᠂ ᠤᠯᠠᠭᠠᠨᠮᠥ᠋ᠴᠢᠷ ᠪᠣᠯ ᠥᠪᠥᠷ ᠮᠣᠩᠭᠤᠯ ᠭᠡᠬᠦ ᠭᠠᠵᠠᠷ ᠣᠷᠣᠨ ᠤ ᠳ᠋ᠦᠩᠨᠡᠵᠦ ᠭᠠᠷᠭᠠᠭᠰᠠᠨ ᠲᠤᠷᠰᠢᠯᠭ᠎ᠠ ᠮᠥᠨ᠂ ᠣᠯᠠᠨ ᠲᠦᠮᠡᠨ ᠲᠠᠢ ᠮᠠᠰᠢ ᠤᠶᠢᠷᠠᠳᠦᠭ᠌ᠰᠠᠨ ᠶᠤᠮ᠂ ᠠᠷᠠᠳ ᠣᠯᠠᠨ ᠦᠵᠡᠵᠦ ᠰᠣᠨᠣᠰᠬᠤ ᠳᠤᠷᠠᠲᠠᠶ ᠪᠠᠶᠢᠵᠤ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠪᠠ᠃ ᠰᠢᠨ᠎ᠡ ᠴᠠᠭ ᠦᠶ᠎ᠡ ᠳᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠳᠤ᠂ ᠰᠣᠶᠣᠯ ᠤᠨ ᠵᠠᠬ᠎ᠠ ᠳᠡᠯᠭᠡᠭᠦᠷ ᠤᠨ ᠬᠥᠭᠵᠢᠯᠲᠡ ᠪᠠᠷ ᠳᠠᠮᠵᠢᠨ ᠣᠯᠠᠨ ᠲᠦᠮᠡᠨ ᠤ ᠣᠯᠠᠨ ᠲᠠᠯ᠎ᠠ ᠶᠢᠨ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠶ᠂ ᠭᠡᠪᠡᠴᠦ ᠤᠯᠠᠭᠠᠨᠮᠥ᠋ᠴᠢᠷ ᠤᠨ ᠡᠨᠡᠬᠦ ᠣᠯᠠᠨ ᠲᠦᠮᠡᠨ ᠳᠤ ᠰᠢᠭᠤᠳ  ᠦᠢᠯᠡᠴᠢᠯᠡᠬᠦ᠂ ᠦᠨᠳᠦᠰᠦᠨ ᠱᠠᠲᠤᠨ ᠳᠤ ᠦᠢᠯᠡᠴᠢᠯᠡᠬᠦ ᠤᠳᠬ᠎ᠠ ᠤᠷᠠᠯᠢᠭ ᠤᠨ ᠠᠵᠢᠯᠯᠠᠭ᠎ᠠ ᠡᠭᠦᠷᠢᠳᠡ ᠴᠠᠭ ᠠᠴᠠ ᠬᠤᠴᠣᠷᠬᠤ ᠦᠭᠡᠢ ᠶᠤᠮ᠂ ᠦᠷᠭᠦᠯᠵᠢᠯᠡᠨ ᠶᠡᠬᠡᠪᠡᠷ ᠰᠠᠨᠠᠭᠠᠴᠢᠯᠠᠵᠤ᠂ ᠳᠠᠮᠵᠢᠵᠤ᠂ ᠲᠡᠳᠬᠦᠵᠦ᠂ ᠳᠡᠯᠭᠡᠷᠡᠭᠦᠯᠬᠦ ᠬᠡᠷᠡᠭᠲᠡᠶ᠃     ᠰᠢ ᠶᠢᠨ ᠫᠢᠩ᠄ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠬᠤ ᠬᠡᠷᠡᠭᠲᠡᠶ    15᠎ ᠤ ᠦᠳᠡ ᠶᠢᠨ ᠡᠮᠦᠨ᠎ᠡ᠂ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠪᠠᠶᠢᠭ᠎ᠠ ᠶᠡᠷᠦᠩᠬᠡᠶ ᠱᠦᠵᠢ ᠰᠢ ᠶᠢᠨ ᠫᠢᠩ ᠤᠯᠠᠭᠠᠨᠬᠠᠳᠠ ᠶᠢᠨ ᠮᠦᠽᠧᠶ ᠳᠤ ᠰᠣᠩᠭᠤᠳᠠᠭ ᠦᠨᠳᠦᠰᠦᠲᠡᠨ ᠤ ᠲᠤᠤᠯᠢ ︽ᠭᠡᠰᠡᠷ︾᠎ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠲᠥᠯᠥᠭᠡᠯᠡᠭᠴᠢ ᠶᠢ ᠳᠣᠲᠣᠨᠣ ᠪᠠᠷ ᠬᠦᠯᠢᠶᠡᠨ ᠠᠪᠴᠤ ᠠᠭᠤᠯᠵᠠᠪᠠ᠃ ᠨᠢᠭᠡ ᠬᠡᠰᠡᠭ ᠬᠡᠯᠡᠵᠦ ᠳᠠᠭᠤᠯᠠᠬᠤ ᠳᠡᠯᠭᠡᠨ ᠦᠵᠡᠭᠦᠯᠦᠯᠭᠡ ᠶᠢ ᠰᠣᠨᠢᠷᠬᠠᠭᠰᠠᠨ ᠤ ᠳᠠᠷᠠᠭ᠎ᠠ᠂ ᠰᠢ ᠶᠢᠨ ᠫᠢᠩ᠂ ᠲᠠᠨᠤᠰ ᠤᠨ  ᠲᠠᠭᠤᠤ ᠬᠦᠭᠵᠢᠮ ᠨᠢ ᠪᠢᠳᠡᠨ ᠳᠤ ᠲᠡᠤᠬᠡ ᠰᠣᠶᠣᠯ ᠤᠨ ᠭᠦᠨ ᠵᠤᠵᠠᠭᠠᠨ ᠪᠠᠶᠢᠬᠤ ᠶᠢ ᠮᠡᠳᠡᠷᠡᠭᠦᠯᠪᠡ᠃ 56 ᠦᠨᠳᠦᠰᠦᠲᠡᠨ ᠲᠠᠰᠤᠷᠠᠯᠲᠠ ᠦᠭᠡᠢ ᠰᠣᠯᠢᠯᠴᠠᠭ᠎ᠠ ᠶᠠᠪᠤᠯᠴᠠᠭ᠎ᠠ ᠪᠠᠨ ᠥᠷᠭᠡᠳᠬᠡᠵᠦ᠂ ᠣᠯᠠᠨ ᠡᠰᠢᠲᠦ ᠨᠢᠭᠡᠳᠦᠭᠰᠡᠨ ᠳᠤᠮᠳᠠᠳᠤ ᠶᠢᠨ ᠦᠨᠳᠦᠰᠦᠲᠡᠨ ᠢ ᠪᠦᠷᠢᠯᠳᠦᠭᠦᠯᠵᠡᠶ᠃ ᠪᠢᠳᠡ ᠥᠨᠢ ᠤᠳᠠᠭᠠᠨ ᠲᠡᠤᠬᠡ ᠲᠠᠢ᠂ ᠳᠡᠯᠡᠬᠡᠶ ᠳᠡᠭᠡᠷᠡᠬᠢ ᠴᠣᠷ  ᠶᠢᠨ ᠭᠠᠭᠴᠠ ᠲᠠᠰᠤᠯᠳᠠᠭᠤᠯᠤᠯ ᠦᠭᠡᠢ᠂ ᠣᠳᠣ ᠪᠣᠯᠲᠠᠯ᠎ᠠ ᠬᠥᠭᠵᠢᠵᠦ ᠪᠠᠶᠢᠭ᠎ᠠ ᠪᠣᠯᠪᠠᠰᠤᠨ ᠪᠣᠯᠬᠤᠷ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠶᠢ ᠴᠢᠬᠤᠯᠠᠴᠢᠯᠠᠬᠤ ᠬᠡᠷᠡᠭᠲᠡᠶ᠃ ᠪᠢ ᠥᠨᠥᠳᠥᠷ ᠲᠠ ᠨᠠᠷ ᠢ ᠦᠵᠡᠬᠦ ᠪᠠᠷ ᠢᠷᠡᠭᠰᠡᠨ ᠨᠢ ᠳᠠᠷᠤᠶ ᠨᠠᠮ ᠤᠨ ᠲᠥᠪ ᠬᠤᠷᠢᠶ᠎ᠠ ᠪᠣᠯ ᠴᠥᠭᠡᠨ ᠲᠣᠭᠠᠲᠤ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠳᠠᠮᠵᠢᠵᠤ ᠪᠠᠶᠢᠭ᠎ᠠ ᠶᠢ ᠬᠠᠷᠠᠭᠤᠯᠵᠤ ᠪᠠᠶᠢᠨ᠎ᠠ᠃     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠶᠡᠷᠦᠩᠬᠡᠶ ᠱᠦᠵᠢ ‍ᠨ ᠲᠠᠷᠢᠶᠠᠴᠢᠨ‌ᠠᠶᠢᠯ ᠤᠨ ᠬᠦᠷᠢᠶᠡᠯᠡᠩ ᠳᠤ ᠶᠠᠷᠢᠭᠰᠠᠨ ᠦᠭᠡ ᠶᠢᠨ ᠬᠤᠪᠢᠷᠠᠯᠲᠠ     15᠎ ᠤ ᠦᠳᠡ ᠶᠢᠨ ᠬᠤᠶᠢᠨ᠎ᠠ᠂ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠪᠠᠶᠢᠭ᠎ᠠ ᠶᠡᠷᠦᠩᠬᠡᠶ ᠱᠦᠵᠢ ᠰᠢ ᠶᠢᠨ ᠫᠢᠩ ᠭᠠᠯᠠᠴᠢᠨ ᠬᠤᠰᠢᠭᠤᠨ ᠤ ᠾᠧᠨᠠᠨ ᠤ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠳᠤ ᠬᠦᠷᠴᠦ᠂ ᠤᠯᠠᠭᠠᠨᠬᠠᠳᠠ ᠬᠤᠲᠠ ᠠᠴᠠ ᠢᠷᠡᠭᠰᠡᠨ 10 ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠲᠥᠯᠥᠭᠡᠯᠡᠭᠴᠢᠳ ᠲᠠᠢ ᠲᠠᠷᠢᠶᠠᠴᠢᠨ ᠠᠶᠢᠯ ᠤᠨ ᠬᠦᠷᠢᠶᠡᠨ ᠳᠤ ᠲᠣᠭᠤᠷᠢᠨ ᠰᠠᠭᠤᠵᠤ᠂ ᠬᠤᠪᠢᠷᠠᠯᠲᠠ ᠶᠢ ᠨᠢ ᠠᠰᠠᠭᠤᠵᠤ᠂ ᠠᠮᠵᠢᠯᠲᠠ ᠪᠦᠲᠦᠮᠵᠢ ᠶᠢ ᠨᠢ ᠶᠠᠷᠢᠵᠤ᠂ ᠬᠥᠭᠵᠢᠯᠲᠡ ᠶᠢ ᠨᠢ ᠶᠠᠷᠢᠯᠴᠠᠪᠠ᠃ ᠰᠦᠩᠱᠠᠨ ᠲᠣᠭᠤᠷᠢᠭ ᠤᠨ ᠳ᠋ᠠ ᠮᠢᠶᠣᠣ ᠪᠠᠯᠭᠠᠰᠤᠨ ᠤ ᠪᠠᠭ᠎ᠠ ᠰᠦᠮ᠎ᠡ ᠲᠣᠰᠬᠤᠨ ᠤ ᠨᠠᠮ ᠤᠨ ᠡᠭᠦᠷ ᠤᠨ ᠱᠦᠵᠢ ᠵᠤᠤ ᠬᠤᠢ ᠵᠢᠶᠧ ᠡᠭᠦᠨ ᠳᠤ ᠪᠣᠶ᠂ ᠨᠢᠳᠤᠨᠤᠨ ᠤ ᠪᠦᠬᠦ ᠤᠯᠤᠰ ᠠᠴᠠ ︽ᠬᠤᠶᠠᠷ ᠬᠤᠷᠠᠯ︾᠎ ᠤᠨ ᠬᠤᠭᠤᠴᠠᠭᠠᠨ ᠳᠤ ᠲᠡᠷᠡ ᠶᠡᠷᠦᠩᠬᠡᠶ ᠱᠦᠵᠢ ᠶᠢ ᠤᠷᠢᠵᠤ ᠲᠣᠰᠬᠤᠨ ᠢᠶᠠᠷ ᠲᠣᠭᠤᠷᠢᠨ ᠦᠵᠡᠭᠦᠯᠭᠦ ᠶᠢ ᠬᠦᠰᠡᠪᠡ᠃ ᠵᠤᠤ ᠬᠤᠢ ᠵᠢᠶᠧ ᠨᠢᠭᠡ ᠣᠪᠣᠭ᠎ᠠ ᠭᠡᠷᠡᠯ ᠵᠢᠷᠤᠭ ᠭᠠᠷᠭᠠᠵᠤ᠂ ᠶᠡᠷᠦᠩᠬᠡᠶ ᠱᠦᠵᠢ ᠳᠤ ᠪᠠᠭ᠎ᠠ ᠰᠦᠮ᠎ᠡ ᠲᠣᠰᠬᠤᠨ ᠤ ᠬᠥᠭᠵᠢᠯᠲᠡ ᠬᠤᠪᠢᠷᠠᠯᠲᠠ ᠶᠢ ᠲᠣᠭᠠᠴᠢᠵᠠᠶ᠃ ᠰᠢ ᠶᠢᠨ ᠫᠢᠩ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠤᠨ᠎ᠠ᠃ ᠡ᠊ᠨᠳᠡ ᠭᠠᠷᠤᠭᠰᠠᠨ ᠬᠤᠪᠢᠷᠠᠯᠲᠠ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠵᠠᠮᠨᠠᠭᠰᠠᠨ ᠨᠢ ᠵᠥᠪ ᠶᠤᠮ᠂ ᠠᠷᠠᠳ ᠢᠷᠭᠡᠳ ᠤᠨ ᠠᠮᠢᠳᠤᠷᠠᠯ ᠪᠣᠯ ᠦᠨᠡᠨ ᠬᠦ ᠨᠠᠷᠢᠨ ᠮᠠᠭᠠᠵᠢ᠂ ᠪᠠᠶᠠᠷ ᠳᠤᠷᠠᠰᠬᠠᠯ ᠣᠨ ᠡᠳᠦᠷ ᠥᠨᠳᠥᠷ ᠪᠠᠶᠢᠳᠠᠭ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠠᠷᠠᠳ ᠣᠯᠠᠨ ᠳᠤ ᠵᠣᠯ ᠵᠢᠷᠭᠠᠯ ᠣᠯᠭᠤᠬᠤ ᠨᠠᠮ ᠮᠥᠨ᠂ ᠪᠢᠳᠡ ᠠᠷᠠᠳ ᠣᠯᠠᠨ ᠤ ᠳᠡᠮᠵᠢᠯᠭᠡ ᠪᠠ ᠬᠦᠷᠢᠶᠡᠯᠡᠯ ᠢ ᠡᠭᠦᠷᠢᠳᠡ ᠣᠯᠤᠶ᠎ᠠ ᠭᠡᠪᠡᠯ ᠡᠷᠬᠡᠪᠰᠢ ᠨᠠᠮ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠡᠭᠦᠷᠢᠳᠡ ᠪᠠᠲᠤ ᠰᠠᠬᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ  ᠤᠶᠢᠯᠡᠴᠢᠯᠡᠬᠦ ᠬᠡᠷᠡᠭᠲᠡᠶ᠃         ᠰᠢ ᠶᠢᠨ ᠫᠢᠩ᠄ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠦᠶ᠎ᠡ ᠶᠢᠨ ᠦᠶ᠎ᠡ ᠳᠡᠭᠡᠨ ᠬᠢᠬᠦ ᠬᠡᠷᠡᠭᠲᠡᠶ      15᠎ ᠤ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠭᠠᠯᠠᠴᠢᠨ ᠬᠤᠰᠢᠭᠤᠨ ᠤ ᠮᠠ ᠠᠨ ᠱᠠᠨ ᠣᠢ ᠰᠢᠭᠤᠶ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠪᠠ᠃ ᠡᠩᠬᠦᠯ ᠳᠤᠩᠬᠤᠯ ᠣᠢ ᠰᠢᠭᠤᠶ ᠬᠠᠮᠠᠭᠠᠯᠠᠬᠤ ᠵᠥᠷᠢᠭ ᠵᠠᠮ ᠢᠶᠠᠷ ᠰᠢ ᠶᠢᠨ ᠫᠢᠩ ᠰᠢᠭᠤᠶᠢᠲᠤ ᠣᠷᠣᠨ ᠳᠤ ᠶᠠᠪᠠᠭᠠᠨ ᠢᠶᠠᠷ ᠬᠦᠷᠴᠦ ᠣᠢ ᠮᠣᠳᠣᠨ ᠤ ᠤᠷᠭᠤᠴᠠ ᠶᠢ ᠪᠠᠶᠢᠴᠠᠭᠠᠨ ᠦᠵᠡᠵᠦ᠂ ᠠᠵᠢᠯᠯᠠᠵᠤ ᠪᠠᠶᠢᠭ᠎ᠠ ᠣᠢ ᠰᠢᠭᠤᠶ ᠬᠠᠮᠠᠭᠠᠯᠠᠭᠴᠢ ᠨᠠᠷ ᠲᠠᠢ ᠳᠣᠲᠣᠨᠣ ᠪᠠᠷ ᠶᠠᠷᠢᠯᠴᠠᠵᠤ᠂ ᠣᠢ ᠰᠢᠭᠤᠶ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠣᠯᠠᠨ ᠢᠶᠠᠷ ᠢᠶᠠᠨ ᠶᠡᠷᠦᠩᠬᠡᠶ ᠱᠦᠵᠢ ᠳᠤ᠂ ᠣᠳᠣ ᠠᠮᠢ ᠠᠬᠤᠶ ᠰᠠᠶᠢᠵᠢᠷᠠᠵᠠᠶ᠂ ᠠᠭᠤᠯᠠᠨ ᠳᠤ ᠭᠠᠷᠴᠤ ᠲᠣᠭᠤᠷᠢᠨ ᠬᠠᠮᠠᠭᠠᠯᠠᠬᠤ ᠦᠶ᠎ᠡ ᠳᠤ᠂ ᠦᠷᠭᠦᠯᠵᠢ ᠪᠣᠷᠣ ᠭᠥᠷᠥᠭᠡᠰᠦ᠂ ᠬᠡᠭᠡᠷ᠎ᠡ ᠶᠢᠨ ᠲᠠᠤᠯᠠᠶ᠂ ᠭᠤᠷᠭᠤᠤᠯ᠂ ᠬᠡᠭᠡᠷ᠎ᠡ ᠶᠢᠨ ᠭᠠᠭ᠋ᠠᠶ ᠵᠡᠷᠭᠡ ᠬᠡᠭᠡᠷ᠎ᠡ ᠶᠢᠨ ᠠᠮᠢᠲᠠᠨ ᠲᠠᠢ ᠲᠠᠭᠠᠷᠠᠯᠳᠤᠵᠤ᠂ ᠵᠢᠭᠤᠯᠴᠢᠯᠠᠬᠤ ᠪᠠᠷ ᠢᠷᠡᠭᠰᠡᠨ ᠬᠥᠮᠦᠨ ᠴᠦ ᠣᠯᠠᠨ ᠪᠣᠯᠵᠠᠶ᠂ ᠬᠡᠭᠡᠷ᠎ᠡ ᠶᠢᠨ ᠨᠣᠭᠤᠭ᠎ᠠ ᠪᠠᠨ ᠬᠤᠳᠠᠯᠳᠤᠬᠤ ᠠᠴᠠ ᠵᠣᠪᠠᠭ᠋ᠤ ᠬᠡᠷᠡᠭ ᠦᠭᠡᠢ᠂ ᠬᠡᠭᠡᠷ᠎ᠡ ᠶᠢᠨ ᠭᠠᠷᠤᠯᠲᠠ ᠴᠤ ᠣᠨᠴᠠᠭᠠᠢ ᠣᠯᠠᠨ᠂ ᠠᠷᠠᠳ ᠢᠷᠭᠡᠳ ᠦᠨᠡᠨ ᠬᠦ ᠠᠰᠢᠭ ᠲᠤᠰᠠ ᠬᠦᠷᠲᠡᠵᠦ᠂ ᠨᠤᠭᠤᠭᠠᠨ ᠠᠭᠤᠯᠠ ᠪᠣᠯ ᠳᠠᠷᠤᠶ ᠠᠯᠲᠠᠨ ᠠᠭᠤᠯᠠ ᠪᠣᠯᠬᠤ ᠶᠢ ᠨᠠᠩ ᠭᠦᠨᠵᠡᠭᠡᠶ ᠲᠠᠨᠢᠵᠤ ᠣᠯᠵᠠᠶ ᠭᠡᠵᠦ ᠬᠡᠯᠡᠵᠦ ᠪᠠᠶᠢᠯ᠎ᠠ᠃ ᠰᠢ ᠶᠢᠨ ᠫᠢᠩ ᠣᠯᠠᠨ ᠳᠤ᠄ ︽ᠣᠢ ᠰᠢᠭᠤᠶ ᠬᠠᠮᠠᠭᠠᠯᠠᠭᠴᠢ ᠪᠣᠯ ᠮᠠᠰᠢ ᠴᠢᠬᠤᠯᠠ ᠶᠤᠮ᠂ ᠮᠣᠳᠣ ᠲᠠᠷᠢᠬᠤ ᠨᠢ ᠬᠡᠳᠦᠶ ᠬᠢᠯᠪᠠᠷ ᠪᠤᠰᠤ ᠪᠣᠶ︕ ᠡᠬᠡ ᠤᠯᠤᠰ ᠤᠨ ᠤᠮᠠᠷᠠᠲᠤ ᠣᠷᠣᠨ ᠪᠠ ᠨᠡᠢᠰᠯᠡᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠪᠣᠯ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠡᠭᠦᠷᠭᠡ᠂ ᠪᠢᠳᠡᠨ ᠦᠶ᠎ᠡ ᠶᠢᠨ ᠦᠶ᠎ᠡ ᠳᠡᠭᠡᠨ ᠦᠷᠭᠦᠯᠵᠢᠯᠡᠨ ᠬᠢᠬᠦ ᠬᠡᠷᠡᠭᠲᠡᠶ᠃      ᠰᠢ ᠶᠢᠨ ᠫᠢᠩ᠄ ᠡᠯ᠎ᠡ ᠦᠨᠳᠦᠰᠦᠲᠡᠨ ᠎ ᠨᠦᠭᠦᠳ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠶ     ᠥᠪᠥᠷ ᠮᠣᠩᠭᠤᠯ ᠤᠨ ᠤᠯᠠᠭᠠᠨᠬᠠᠳᠠ ᠬᠤᠲᠠ ᠳᠤ ᠰᠢᠨᠵᠢᠯᠡᠨ ᠪᠠᠶᠢᠴᠠᠭᠠᠵᠤ ᠪᠠᠶᠢᠭ᠎ᠠ ᠶᠡᠷᠦᠩᠬᠡᠶ ᠱᠦᠵᠢ ᠰᠢ ᠶᠢᠨ ᠫᠢᠩ 15᠎ ᠤ ᠦᠳᠡ ᠬᠤᠶᠢᠨ᠎ᠠ ᠭᠠᠯᠠᠴᠢᠨ ᠬᠤᠰᠢᠭᠤᠨ ᠤ ᠾᠧᠨᠠᠨ ᠤ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠳᠤ ᠬᠦᠷᠴᠦ᠂ ᠲᠠᠷᠢᠶᠠᠴᠢᠨ ᠡᠷᠦᠬᠡ ᠵᠠᠩ ᠭᠦᠸᠧ ᠯᠢ ᠶᠢᠨ ᠭᠡᠷ ᠲᠤ ᠬᠦᠷᠴᠡᠶ᠃ ᠵᠠᠩ ᠭᠦᠸᠧ ᠯᠢ ᠶᠢᠨ ᠭᠡᠷ ᠨᠢ ᠳᠥᠷᠪᠡᠨ ᠦᠶ᠎ᠡ ᠪᠠᠷ ᠢᠶᠠᠨ ᠬᠠᠮᠲᠤ ᠪᠠᠶᠢᠵᠤ᠂ ᠭᠡᠷ ᠪᠦᠯᠢ ᠶᠢᠨ ᠪᠦᠷᠢᠯᠳᠦᠬᠦᠨ ᠤ ᠳᠣᠲᠣᠷ᠎ᠠ ᠮᠣᠩᠭᠤᠯ ᠦᠨᠳᠦᠰᠦᠲᠡᠨ᠂ ᠮᠠᠨᠵᠤ ᠦᠨᠳᠦᠰᠦᠲᠡᠨ᠂ ᠬᠢᠲᠠᠳ ᠦᠨᠳᠦᠰᠦᠲᠡᠨ ᠵᠡᠷᠭᠡ 3 ᠦᠨᠳᠦᠰᠦᠲᠡᠨ ᠪᠠᠶᠢᠳᠠᠭ᠃ ᠰᠢ ᠶᠢᠨ ᠫᠢᠩ ᠵᠠᠩ ᠭᠦᠸᠧ ᠯᠢ ᠶᠢᠨ ᠭᠡᠷ ᠪᠦᠯᠢ ᠡᠶ᠎ᠡ ᠨᠠᠶᠢᠷᠲᠠᠶ ᠪᠠᠷ ᠬᠠᠮᠲᠤ ᠣᠷᠣᠰᠢᠵᠤ᠂ ᠪᠠᠶᠠᠷ ᠬᠥᠷ ᠲᠠᠢ ᠪᠠᠶᠢᠬᠤ ᠶᠢ ᠦᠵᠡᠵᠦ᠂ ᠲᠡᠳᠡᠨ ᠢ ︽ᠦᠨᠳᠦᠰᠦᠲᠡᠨ ᠤ ᠪᠦᠯᠬᠦᠮᠳᠡᠯ ᠤᠨ ᠭᠡᠷ ᠪᠦᠯᠢ︾ ᠭᠡᠵᠦ ᠮᠠᠭᠲᠠᠨ ᠰᠠᠶᠢᠰᠢᠶᠠᠪᠠ ᠃ ᠰᠢ ᠶᠢᠨ ᠫᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠶᠡᠷᠦ ᠠᠴᠠ ᠦᠨᠳᠦᠰᠦᠲᠡᠨ ᠤ ᠥᠪᠡᠷᠲᠡᠭᠡᠨ ᠵᠠᠰᠠᠬᠤ᠂ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠮᠥᠨ᠂ ᠪᠢᠳᠡᠨ ᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠬᠢᠵᠦ ᠪᠠᠶᠢᠭ᠎ᠠ ᠵᠣᠷᠢᠯᠭ᠎ᠠ ᠪᠣᠯ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠶᠢᠨ ᠲᠥᠯᠥᠭᠡ ᠶᠤᠮ᠃ ᠦᠨᠳᠦᠰᠦᠲᠡᠨ ᠨᠦᠭᠦᠳ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢ ᠬᠠᠮᠲᠤᠪᠠᠷ ᠠᠬᠢᠭᠤᠯᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号