ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠦᠭᠰᠡᠨ ᠠᠴᠠ ᠨᠠᠰᠢ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠬᠠᠶᠢᠷᠤᠪ ᠤᠨ ᠪᠤᠯᠤᠩ ᠤᠨ ᠣᠷᠣᠨ ᠤ ᠡᠯ᠎ᠡ | ᠥᠨᠴᠥᠭ ᠪᠤᠯᠤᠩ ᠳᠤ ᠪᠦᠷᠬᠦᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠦᠷᠡᠵᠢᠬᠦ ᠬᠦᠷᠤᠰᠤ ᠰᠢᠷᠤᠢ ᠢ | ᠪᠦᠲᠦᠮᠵᠢᠲᠡᠶ ᠠᠷᠢᠯᠠᠭᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠲᠡᠭᠡᠳᠦ ᠳᠣᠣᠷᠠᠳᠤ | ᠱᠠᠲᠤ ᠪᠠᠷ ᠵᠶ᠋ᠠᠨᠣᠯᠠᠨ ᠵᠤᠶᠢᠯ ᠤᠨᠠᠷᠭ᠎ᠠ ᠬᠡᠮᠵᠢᠶᠡᠠᠪᠴᠤ᠂ ᠢᠳᠡᠪᠬᠢᠲᠡᠢ ᠬᠥᠳᠡᠯᠦᠯᠴᠡᠵᠦ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠬᠠᠭᠤᠯᠭ᠎ᠠ ᠠᠷᠭ᠎ᠠ ᠬᠡᠮᠵᠢᠶ᠎ᠡ ᠠᠪᠴᠤ᠂ ᠣᠯᠠᠨ ᠶᠠᠩᠵᠤ ᠶᠢᠨ | ᠬᠡᠯᠪᠡᠷᠢ᠂ ᠡᠯᠪᠡᠭ ᠪᠠᠶᠠᠯᠢᠭ ᠠᠭᠤᠯᠭ᠎ᠠ᠂ ᠳᠥᠭᠦᠮ ᠣᠶᠢᠯᠠᠭᠠᠮᠵᠢᠲᠠᠶ ᠠᠷᠭ᠎ᠠ ᠬᠡᠯᠪᠡᠷᠢ ᠪᠠᠷ ᠬᠤᠲᠠ ᠶᠢᠨ ᠠᠷᠠᠳ ᠲᠤ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠠᠮᠢᠶ᠎ᠠ ᠪᠦᠬᠦᠢ ᠮᠡᠳᠡᠯᠭᠡ ᠶᠢ ᠤᠬᠠᠭᠤᠯᠪᠠ᠃ | ᠬᠡᠯᠪᠡᠷᠢ ᠨᠢ ᠣᠯᠠᠨ᠂ ᠭᠡᠷ ᠲᠤ ᠣᠷᠣᠵᠤ ︽ᠶᠠᠪᠤᠬᠤ︾ ᠶᠢ ᠤᠬᠠᠭᠤᠯᠪᠠ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢᠥᠷᠨᠢᠭᠦᠯᠵᠦ ᠪᠠᠶᠢᠭ᠎ᠠ | ᠬᠤᠭᠤᠴᠠᠭᠠᠨ ᠳᠤ᠂ ᠤᠬᠠᠭᠤᠯᠭ᠎ᠠ ᠶᠢᠨ ᠠᠵᠢᠯ ᠲᠦᠭ ᠲᠦᠮᠡᠨ ᠠᠶᠢᠯ ᠡᠷᠦᠬᠡ ᠳᠤ ᠣᠷᠣᠵᠤ᠂ ᠬᠠᠶᠢᠷᠤᠪ ᠤᠨ | ᠲᠣᠬᠤᠢ ᠲᠣᠭᠤᠷᠢᠭ ᠰᠠᠭᠤᠭᠠᠯᠢ ᠠᠷᠠᠳ ᠲᠤ ︽ᠣᠯᠠᠨ ᠲᠦᠮᠡᠨ ᠳᠤ ᠥᠭᠭᠦᠭᠰᠡᠨ ᠨᠢᠭᠡ ᠵᠠᠬᠢᠳᠠᠯ︾᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠣᠳᠣᠷᠬᠠᠶ ᠺᠠᠷᠲ ᠣᠯᠭᠤᠵᠤ᠂ ᠪᠠᠰᠠ ᠤᠬᠠᠭᠤᠯᠭ᠎ᠠ ᠶᠢᠨ ᠳᠡᠪᠲᠡᠷ᠂ | ᠤᠬᠠᠭᠤᠯᠭ᠎ᠠ ᠶᠢᠨ ᠳᠡᠪᠢᠭᠦᠷ᠂ ᠤᠬᠠᠭᠤᠯᠭ᠎ᠠ ᠶᠢᠨ ᠬᠥᠵᠥᠷ ᠵᠡᠷᠭᠡ ᠣᠯᠠᠨ ᠵᠤᠶᠢᠯ ᠤᠨ ᠤᠬᠠᠭᠤᠯᠭ᠎ᠠ ᠶᠢᠨ | ᠪᠦᠲᠦᠭᠡᠭᠳᠡᠬᠦᠨ ᠢ ᠲᠠᠷᠬᠠᠭᠠᠵᠤ᠂ ᠡᠳᠡᠭᠡᠷ ᠪᠦᠲᠦᠭᠡᠭᠳᠡᠬᠦᠨ ᠤ ᠣᠯᠠᠩᠬᠢ ᠨᠢ ᠣᠯᠠᠨ ᠲᠦᠮᠡᠨ ᠲᠠᠢᠤᠶᠢᠷᠠᠲᠦᠵᠤ᠂ | ᠬᠡᠷᠡᠭᠯᠡᠬᠦ ᠨᠣᠷᠮ᠎ᠠ ᠥᠨᠳᠥᠷ ᠪᠠᠶᠢᠵᠤ᠂ ᠥᠨᠴᠥᠭ ᠪᠤᠯᠤᠩ ᠥᠬᠡᠶ ᠤᠬᠠᠭᠤᠯᠭ᠎ᠠ ᠬᠢᠬᠦ ᠶᠢ ᠨᠠᠩ ᠰᠠᠶᠢᠲᠤᠷ | ᠪᠡᠶᠡᠯᠡᠭᠦᠯᠵᠦ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠠᠶ᠃ ᠬᠠᠶᠢᠷᠤᠪ ᠤᠨ ᠲᠣᠬᠤᠢ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ᠨᠢᠭᠡ ᠪᠠᠷᠢᠮᠵᠢᠶ᠎ᠠ ᠭᠤᠷᠪᠠᠨ ᠪᠤᠳᠠᠲᠠᠢ︾ | ᠶᠢᠨ ᠠᠵᠢᠯ ᠲᠠᠢ ᠤᠶᠠᠯᠳᠤᠭᠤᠯᠤᠨ᠂ ᠳᠣᠲᠣᠭᠠᠳᠤ ᠶᠢ ᠬᠠᠮᠠᠭᠠᠯᠠᠬᠤ ᠰᠠᠭᠤᠷᠢ ᠲᠤᠭ᠎ᠠ ᠪᠠᠷᠢᠮᠲᠠ ᠶᠢ | ᠵᠢᠷᠤᠮᠵᠢᠭᠤᠯᠬᠤ ᠶᠢᠨ ᠬᠠᠮᠲᠤ᠂ ᠰᠠᠭᠤᠭᠠᠯᠢ ᠠᠷᠠᠳ ᠤᠨ ᠭᠡᠷ ᠪᠦᠯᠢ᠂ ᠵᠡᠭᠡᠯᠢ ᠳᠠᠭᠠᠤ ᠬᠤᠳᠠᠯᠳᠤᠭᠠᠨ ᠤ ᠫᠦᠰᠡ᠂ | ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠭᠦᠨᠵᠡᠭᠡᠶᠢᠷᠡᠨ ᠡᠷᠦᠬᠡ ᠳᠤ ᠬᠦᠷᠴᠦ ᠤᠬᠠᠭᠤᠯᠭ᠎ᠠ ᠬᠢᠪᠡ︔ ᠡᠭᠦᠨ ᠠᠴᠠ | ᠭᠠᠳᠠᠨ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠴᠢᠨᠠᠭᠰᠢᠳᠠ ᠭᠦᠨᠵᠡᠭᠡᠶ | ᠤᠬᠠᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠲᠤ ᠪᠠᠰᠠ ᠲᠤᠰᠬᠠᠶ ᠮᠡᠷᠭᠡᠵᠢᠯᠲᠡᠨ ᠤᠬᠠᠭᠤᠯᠠᠨ | ᠲᠠᠶᠢᠯᠪᠤᠷᠢᠯᠠᠬᠤ ᠪᠦᠯᠬᠦᠮ ᠪᠠᠶᠢᠭᠤᠯᠵᠤ᠂ ᠪᠠᠶᠢᠭᠤᠯᠤᠯᠭ᠎ᠠ ᠨᠢᠭᠡᠴᠡ᠂ ᠠᠵᠤ ᠠᠬᠤᠶᠢᠯᠠᠯ ᠳᠤ ᠭᠦᠨᠵᠡᠭᠡᠶᠢᠷᠡᠨ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠪᠠ᠃ | ᠣᠯᠠᠨ ᠲᠦᠮᠡᠨ ᠲᠠᠢ ᠣᠶᠢᠷᠠᠲᠤᠨ᠂ ᠴᠠᠷᠭᠢᠯ ᠬᠤᠯᠪᠣᠭ᠎ᠠ ᠶᠢᠨ ᠨᠣᠮ ᠢ ︽ᠳᠠᠭᠤᠯᠠᠵᠠᠭᠠᠶ᠎ᠠ︾ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠰᠢᠢᠤᠡᠪᠤᠷᠢᠳᠤ ᠪᠣᠳᠣᠯᠭ᠎ᠠ ᠲᠣᠭᠲᠠᠭᠠᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ︔ ᠪᠦᠬᠦ ᠨᠠᠮ | ᠪᠦᠬᠦ ᠠᠷᠠᠳ ᠢ ᠳᠠᠶᠢᠴᠢᠯᠠᠵᠤ᠂ ᠰᠢᠮᠠᠯᠠᠵᠤ ᠴᠢᠷᠮᠠᠶᠢᠨ ᠶᠠᠯᠠᠲᠠᠨ ᠢ ᠪᠠᠷᠢᠶ᠎ᠠ᠂ ᠲᠠᠩᠬᠠᠶᠢᠴᠤᠳ ᠬᠠᠷᠭᠢᠰ ᠬᠦᠴᠦᠨ ᠢ | ᠠᠷᠢᠯᠠᠭᠠᠨ᠂ ᠨᠡᠶᠢᠭᠡᠮ ᠤᠨ ᠶᠡᠭᠡ ᠣᠷᠴᠢᠨ ᠲᠣᠭᠤᠷᠢᠨ ᠢ ᠴᠡᠪᠡᠷᠰᠢᠭᠦᠯᠦᠨ᠎ᠡ︔ ᠣᠯᠠᠨ ᠤ ᠬᠦᠴᠦᠨ ᠳᠤ ᠣᠪᠣᠭ᠎ᠠ | ᠪᠣᠰᠬᠠᠨ᠂ ᠭᠤᠷᠪᠠᠨ ᠵᠢᠯ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠁︾ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢᠥᠷᠨᠢᠭᠦᠯᠵᠦ ᠪᠠᠶᠢᠭ᠎ᠠ ᠬᠤᠭᠤᠴᠠᠭᠠᠨ ᠳᠤ᠂ ᠡᠨᠡ ᠬᠦ ᠢᠷᠠᠭᠤ | ᠭᠠᠶᠢᠬᠠᠮᠰᠢᠭᠲᠤ ᠡᠭᠦᠳᠦᠨ ᠪᠦᠲᠦᠭᠡᠯᠲᠡ ᠶᠢᠨ ᠲᠦᠷᠭᠡᠨ ᠤ ᠨᠣᠮ ︽ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠵᠤ ᠲᠥᠪ ᠰᠤᠷᠲᠠᠯ ᠮᠠᠨᠳᠤᠭᠤᠯᠵᠤ ᠠᠷᠠᠳ ᠲᠦᠮᠡᠨ ᠢ ᠠᠮᠤᠷᠵᠢᠭᠤᠯᠤᠨᠠᠮ︾ ᠨᠢ ᠬᠠᠶᠢᠷᠤᠪ ᠤᠨ ᠲᠣᠬᠤᠢ | ᠲᠣᠭᠤᠷᠢᠭ ᠲᠤ ᠦᠨᠡᠨ ᠪᠣᠳᠠᠲᠠᠶ ᠶᠠᠪᠤᠭᠳᠠᠪᠠ᠃ ᠵᠣᠬᠢᠶᠠᠭᠴᠢ ᠳ᠋ᠤᠸᠠᠨ ᠰᠢᠤ ᠴᠢᠨ ᠪᠣᠯ ᠬᠠᠶᠢᠷᠤᠪ ᠤᠨ ᠲᠣᠬᠤᠢ | ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠨᠢᠭᠡᠨ ᠠᠵᠢᠯᠲᠠᠨ | ᠪᠣᠯᠤᠨ᠎ᠠ᠂ ᠲᠡᠷᠡ᠄ ︽ᠠᠵᠢᠯ ᠠᠴᠠ ᠪᠠᠨ ᠪᠠᠭᠤᠭᠠᠳ 20 ᠭᠠᠷᠤᠶ ᠵᠢᠯ ᠪᠣᠯᠵᠤ ᠪᠠᠶᠢᠨ᠎ᠠ᠂ ᠰᠣᠨᠢᠨ ᠮᠡᠳᠡᠭᠡ ᠦᠵᠡᠬᠦ | ᠳᠠᠳᠬᠠᠯ ᠢᠶᠠᠨ ᠬᠠᠳᠠᠭᠠᠯᠠᠭᠰᠠᠭᠠᠷ ᠢᠷᠡᠵᠡᠢ᠂ ᠣᠳᠣᠬᠠᠨ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠪᠣᠯ ᠶᠡᠭᠡ ᠠᠬᠤᠢ ᠪᠠᠶᠢᠳᠠᠯ ᠪᠣᠯᠤᠨ᠎ᠠ᠂ ᠪᠢ ᠪᠠᠰᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢᠨ | ᠲᠥᠯᠥᠭᠡ ᠥᠴᠦᠬᠡᠨ ᠬᠦᠴᠦ ᠭᠠᠷᠭᠠᠵᠤ᠂ ᠣᠯᠠᠨ ᠤ ᠬᠦᠷᠢᠶᠡᠯᠡᠯ ᠢ ᠣᠯᠤᠭᠰᠠᠨ ᠪᠦᠲᠦᠭᠡᠯ ᠭᠠᠷᠭᠠᠵᠤ᠂ ᠳᠥᠭᠦᠮ | ᠣᠶᠢᠯᠠᠭᠠᠮᠵᠢᠲᠠᠶ ᠠᠷᠭ᠎ᠠ ᠪᠠᠷ ᠡᠭᠡᠯ ᠠᠷᠠᠳ ᠢ ᠴᠤ ᠠᠮᠠᠷᠬᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠰᠤᠷᠤᠯᠴᠠᠬᠤ ᠳᠤᠷᠠᠲᠠᠶ᠃︾ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ 15 ᠳ᠋ᠤᠭᠠᠷ | ᠰᠢᠪᠠᠳᠠᠨ ᠵᠢᠯᠣᠭᠤᠳᠬᠤ ᠳᠤᠭᠤᠶᠢᠯᠠᠩ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠲᠣᠭᠤᠷᠢᠨ | ᠪᠠᠶᠢᠴᠠᠭᠠᠬᠤ ᠳᠠᠭᠠᠨ ᠳ᠋ᠤᠸᠠᠨ ᠠᠨᠢᠶ᠎ᠠ ᠶᠢᠨ ᠪᠦᠯᠬᠦᠮ ᠤᠨ ᠲᠣᠭᠯᠠᠯᠲᠠ ᠶᠢ ᠦᠵᠡᠵᠦ᠂ ᠡᠨᠡ ᠬᠦ ᠰᠢᠨ᠎ᠡ ᠬᠡᠯᠪᠡᠷᠢ ᠶᠢᠨ | ᠂ ᠦᠨᠳᠦᠰᠦᠨ ᠱᠠᠲᠤᠨ ᠳᠤ ᠣᠶᠢᠷᠠᠲᠤᠭᠰᠠᠨᠤᠬᠠᠭᠤᠯᠭᠠ ᠵᠢᠨᠠᠷᠭ᠎ᠠ ᠮᠠᠶ᠋ᠢᠭ ᠢ ᠲᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠪᠠ᠃ ᠳ᠋ᠤᠸᠠᠨ ᠠᠨᠢᠶ᠎ᠠ ᠶᠢᠨ ᠪᠦᠯᠬᠦᠮ ᠪᠠᠰᠠ ᠪᠦᠲᠦᠭᠡᠯ ᠢᠶᠠᠨ ᠬᠠᠶᠢᠷᠤᠪ ᠤᠨ ᠲᠣᠬᠤᠢ ᠲᠣᠭᠤᠷᠢᠭ ᠤᠨ | ᠬᠤᠲᠠ ᠶᠢᠨ ᠲᠣᠭᠤᠷᠢᠭ᠂ ᠲᠠᠷᠢᠶᠠᠯᠠᠬᠤ ᠲᠣᠭᠤᠷᠢᠭ ᠲᠤ ᠬᠦᠷᠭᠡᠵᠦ᠂ ᠬᠤᠲᠠ ᠶᠢᠨ ᠠᠷᠠᠳ ᠣᠯᠠᠨ ᠤ ᠠᠩᠬᠠᠷᠤᠯ ᠢ | ᠲᠠᠲᠠᠵᠤ᠂ ᠡᠭᠡᠯ ᠠᠷᠠᠳ ᠢ ᠬᠠᠮᠲᠤ ᠪᠠᠷ ᠰᠣᠨᠢᠷᠬᠠᠵᠤ᠂ ᠣᠯᠠᠨ ᠤ ᠬᠠᠯᠠᠭᠤᠨ ᠠᠯᠠᠭ᠎ᠠ ᠲᠡᠰᠢᠯᠲᠡ ᠶᠢ ᠣᠯᠵᠤ᠂ | ᠰᠠᠭᠤᠭᠠᠯᠢ ᠠᠷᠠᠳ ᠦᠯᠦ ᠮᠡᠳᠡᠭᠳᠡᠮ᠎ᠡ ᠪᠠᠷ ᠬᠥᠮᠦᠵᠢᠯ ᠪᠠ ᠰᠡᠩᠬᠡᠷᠡᠭᠦᠯᠦᠯ ᠢ ᠣᠯᠤᠭᠰᠠᠨ ᠪᠠᠶᠢᠨ᠎ᠠ᠃ | ᠪᠦᠲᠦᠭᠡᠯᠴᠢ ᠰᠡᠳᠬᠢᠮᠵᠢ ᠰᠢᠨ᠎ᠡ ᠪᠠᠶᠢᠵᠤ᠂ ᠬᠠᠮ ᠵᠠᠭᠤᠴᠢᠯᠠᠭᠤᠷ ᠤᠨ ᠪᠦᠲᠦᠭᠡᠯ ︽ᠬᠠᠯᠠᠭᠤᠷᠠᠪᠠ︾ | ᠪᠦᠬᠦ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠳᠤ ᠣᠷᠣᠯᠴᠠᠬᠤ ᠢᠳᠡᠪᠬᠢᠵᠢᠯ ᠢ ᠭᠦᠢᠴᠠᠤᠡ ᠳᠠᠶᠢᠴᠢᠯᠠᠬᠤ ᠶᠢᠨ ᠲᠥᠯᠥᠭᠡ᠂ | ᠬᠠᠶᠢᠷᠤᠪ ᠤᠨ ᠲᠣᠬᠤᠢ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠯᠠᠮᠵᠢᠯᠠᠯᠲᠤ ᠵᠠᠭᠤᠴᠢᠯᠠᠭᠤᠷ | ᠵᠢᠴᠢ ᠪᠢᠴᠢᠯ ᠪᠦᠷᠭᠡ᠂ ᠸᠢᠴᠠᠲ᠂ ᠳᠠᠭᠤᠲᠤ ᠨᠣᠮᠧᠷ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠠᠤᠡ | ᠠᠰᠢᠭᠯᠠᠵᠤ᠂ ᠣᠯᠠᠨ ᠬᠡᠯᠪᠡᠷᠢ᠂ ᠣᠯᠠᠨ ᠳᠠᠪᠬᠤᠷᠭ᠎ᠠ᠂ ᠣᠯᠠᠨ ᠬᠠᠷᠠᠭᠠᠰᠤ ᠰᠢᠭᠤᠳ ᠦᠵᠡᠭᠦᠯᠬᠦ ᠳᠦᠷᠢ | ᠲᠥᠷᠬᠦ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠣᠨ ᠤᠬᠠᠭᠤᠯᠬᠤ ᠠᠵᠢᠯ ᠢ | ᠥᠷᠨᠢᠭᠦᠯᠦᠨ᠎ᠡ᠃ ᠣᠳᠣᠬᠠᠨ ᠤ ︽ᠤᠯᠠᠭᠠᠨᠨᠠᠭᠤᠷ ᠤᠨ ᠠᠭᠤᠯᠠ ᠤᠰᠤᠨ ᠤ ᠳᠠᠭᠤᠤ ᠬᠥᠭᠵᠢᠮ ᠤᠨ ᠨᠠᠶᠢᠷ︾ ᠲᠠᠢ | ᠤᠶᠠᠯᠳᠤᠭᠤᠯᠤᠨ᠂ ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ︽ᠰᠡᠳᠦᠪ | ᠬᠠᠷᠢᠭᠤᠯᠬᠤ ᠪᠠᠷ ᠳᠠᠮᠵᠢᠭᠤᠯᠤᠨ ᠬᠦᠷᠭᠡᠬᠦ︾ H 5 ᠪᠦᠲᠦᠭᠡᠯ ᠢ ᠨᠠᠷᠢᠨ ᠨᠢᠮᠪᠠᠶ ᠵᠣᠬᠢᠶᠠᠵᠤ᠂ ᠰᠤᠷᠤᠯᠭ᠎ᠠ ᠪᠠᠨ | ᠠᠬᠢᠭᠤᠯᠵᠤ᠂ ᠵᠠᠯᠠᠭᠤ ᠬᠥᠮᠦᠰ ᠲᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ | ᠭᠦᠨᠵᠡᠭᠡᠶ ᠤᠶᠢᠯᠠᠭᠠᠭᠤᠯᠪᠠ᠃ ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠶᠢᠨ ᠸᠠᠩ | ᠮᠢᠩ ᠯᠧᠢ᠄ ︽ᠪᠢᠳᠡ ᠰᠢᠨ᠎ᠡ ᠰᠡᠪᠡᠭᠦᠨ ᠠᠷᠭ᠎ᠠ ᠬᠡᠯᠪᠡᠷᠢ ᠪᠠᠷ ᠵᠠᠯᠠᠭᠤᠴᠤᠳ ᠤᠨ ᠠᠩᠬᠠᠷᠤᠯ ᠢ ᠲᠠᠲᠠᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠰᠤᠷᠤᠯᠴᠠᠵᠤ᠂ ᠮᠠᠰᠢ ᠰᠠᠶᠢᠨ ᠦᠷ᠎ᠡ ᠪᠦᠲᠦᠮᠵᠢ ᠣᠯᠵᠠᠶ᠃︾ ᠬᠠᠶᠢᠷᠤᠪ ᠤᠨ ᠲᠣᠬᠤᠢ ᠲᠣᠭᠤᠷᠢᠭ ᠤᠨ ᠬᠠᠮ | ᠵᠠᠭᠤᠴᠢᠯᠠᠭᠤᠷ ᠤᠨ ᠲᠥᠪ ᠤᠨ ᠬᠢᠨ ᠪᠠᠰᠠ ︽ᠬᠠᠷ᠎ᠠ ᠪᠦᠯᠦᠭᠲᠡᠨ ᠬᠠᠷᠭᠢᠰ ᠬᠦᠴᠦᠨ︾ ᠤ ᠤᠯᠤᠰ ᠣᠷᠣᠨ᠂ | ᠨᠡᠶᠢᠭᠡᠮ ᠪᠣᠯᠤᠨ ᠠᠮᠢᠳᠤᠷᠠᠯ ᠳᠤ ᠤᠴᠠᠷᠠᠭᠤᠯᠬᠤ ᠬᠤᠤᠷ ᠬᠥᠨᠥᠭᠡᠯ ᠢ ᠣᠯᠠᠨ ᠲᠦᠮᠡᠨ ᠳᠤ ᠭᠦᠨᠵᠡᠭᠡᠶ ᠲᠠᠨᠢᠭᠤᠯᠪᠠ᠃ | | ᠥᠷᠭᠡᠨ ᠢᠶᠠᠷ ᠣᠷᠣᠯᠴᠠᠵᠤ᠂ ᠪᠦᠬᠦ ᠠᠷᠠᠳ ᠢᠶᠠᠷ ᠢᠶᠠᠨ ᠳᠠᠶᠢᠴᠢᠯᠠᠪᠠ | ᠬᠠᠶᠢᠷᠤᠪ ᠤᠨ ᠲᠣᠬᠤᠢ ᠲᠣᠭᠤᠷᠢᠭ ᠲᠤ᠂ ᠬᠤᠲᠠ ᠶᠢᠨ ᠲᠣᠭᠤᠷᠢᠭ ᠪᠤᠶᠤ ᠬᠥᠳᠡᠭᠡ ᠲᠣᠰᠬᠤᠨ ᠭᠡᠰᠡᠨ | ᠦᠭᠡᠢ᠂ ᠶᠡᠭᠡ ᠵᠡᠭᠡᠯᠢ ᠪᠠᠭ᠎ᠠ ᠭᠤᠳᠤᠮᠵᠢ᠂ ᠣᠯᠠᠨ ᠨᠡᠶᠢᠲᠡ ᠶᠢᠨ ᠲᠠᠯᠠᠪᠤᠷ ᠲᠤ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠠᠵᠢᠯᠯᠠᠭ᠎ᠠ ᠭᠠᠵᠠᠷ ᠰᠠᠢ ᠦᠭᠡᠢ ᠢᠯᠡᠷᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ | ᠡᠲᠡᠭᠡᠳ᠂ ᠡᠯ᠎ᠡ ᠨᠢᠭᠡᠴᠡ ᠪᠣᠯᠤᠨ ᠠᠷᠠᠳ ᠣᠯᠠᠨ ᠢᠳᠡᠪᠬᠢᠲᠡᠢ ᠣᠷᠣᠯᠴᠠᠵᠤ᠂ ᠰᠠᠶᠢᠨ ᠳᠤᠷ᠎ᠠ ᠠᠴᠠ ᠪᠠᠨ | ᠤᠬᠠᠭᠤᠯᠭ᠎ᠠ ᠬᠢᠵᠡᠶ᠃ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠡᠯ᠎ᠡ | ᠨᠡᠶᠢᠭᠡᠮᠯᠢᠭ ᠤᠨ ᠤᠶᠢᠯᠡᠳᠦᠯ ᠢ ᠢᠳᠡᠪᠬᠢᠲᠡᠢ ᠪᠠᠳᠠᠷᠠᠭᠤᠯᠵᠤ᠂ ᠰᠢᠯᠦᠭ ᠳᠠᠭᠤᠯᠠᠯ᠂ ᠪᠢᠴᠢᠯ ᠦᠯᠢᠭᠡᠷ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠷᠠᠨ ᠪᠢᠴᠢᠯᠭᠡ ᠶᠢᠨ ᠪᠦᠲᠦᠭᠡᠯ ᠢ ᠪᠢᠴᠢᠵᠦ᠂ ᠰᠣᠶᠣᠯ ᠤᠨ | ᠳᠠᠭᠤᠷᠢᠯᠢᠭ ᠤᠨ ᠫᠷᠤᠭ᠍ᠷᠠᠮ ᠢ ᠨᠠᠶᠢᠷᠠᠭᠤᠯᠤᠨ ᠵᠢᠭᠰᠠᠭᠠᠪᠠ︔ ᠬᠠᠶᠢᠷᠤᠪ ᠤᠨ ᠲᠣᠬᠤᠢ ᠲᠣᠭᠤᠷᠢᠭ ᠤᠨ ᠤᠯᠠᠭᠠᠨᠮᠥ᠋ᠴᠢᠷ | ᠨᠡᠶᠢᠭᠡᠮ ᠲᠣᠭᠤᠷᠢᠭ᠂ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠲᠣᠭᠯᠠᠯᠲᠠ ᠭᠠᠷᠭᠠᠵᠤ᠂ ᠳᠠᠭᠤᠯᠠᠬᠤ᠂ | ᠤᠶᠠᠩᠭᠠᠯᠠᠬᠤ᠂ ᠪᠥᠵᠢᠭ᠂ ᠱᠤᠭ ᠵᠦᠴᠦᠭᠡ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ | ᠬᠡᠯᠪᠡᠷᠢ ᠪᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠬᠢᠵᠦ᠂ ᠠᠷᠠᠳ ᠣᠯᠠᠨ ᠤ ᠰᠠᠶᠢᠨ | ᠦᠨᠡᠯᠡᠯᠲᠡ ᠶᠢ ᠣᠯᠪᠠ︔ ᠬᠠᠶᠢᠷᠤᠪ ᠤᠨ ᠲᠣᠬᠤᠢ ᠲᠣᠭᠤᠷᠢᠭ ᠤᠨ ︽ᠮᠥᠩᠭᠦᠨ ᠴᠠᠬᠢᠷᠮ᠎ᠠ︾᠂ ︽ᠲᠠᠯ᠎ᠠ | ᠨᠤᠲᠤᠭ ᠤᠨ ᠬᠥᠩᠭᠡᠨ ᠮᠣᠷᠢᠲᠤ ᠴᠡᠷᠢᠭ︾ ᠵᠡᠷᠭᠡ ᠣᠯᠠᠨ ᠲᠦᠮᠡᠨ ᠳᠤ ᠤᠬᠠᠭᠤᠯᠤᠨ ᠲᠠᠶᠢᠯᠪᠤᠷᠢᠯᠠᠪᠠ︔ ᠨᠡᠶᠢᠭᠡᠮ | ᠲᠣᠭᠤᠷᠢᠭ᠂ ᠠᠵᠤ ᠠᠬᠤᠢᠯᠠᠯ᠂ ᠬᠤᠳᠠᠯᠳᠤᠭᠠᠨ ᠤ ᠡᠷᠦᠬᠡ᠂ ᠰᠤᠷᠭᠠᠭᠤᠯᠢ ᠬᠠᠤᠯᠢ ᠴᠠᠭᠠᠵᠠ ᠶᠢᠨ ᠰᠤᠷᠭᠠᠭᠤᠯᠢ ᠶᠢᠨ | ᠬᠦᠷᠢᠶᠡᠨ ᠳᠤ ᠣᠷᠣᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠮᠡᠳᠡᠯᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠥᠷᠨᠢᠭᠦᠯᠦᠭᠰᠡᠨ ᠪᠥᠭᠡᠳ ᠵᠠᠯᠭᠠᠭ᠎ᠠ ᠪᠠᠷ ᠬᠥᠨᠳᠡᠯᠡᠨ | ᠪᠢᠴᠢᠭᠡᠰᠦ ᠡᠯᠭᠦᠬᠦ᠂ ᠫᠠᠶᠢᠰᠠ ᠢᠯᠡᠷᠬᠡᠶᠢᠯᠡᠯ ᠪᠠᠶᠢᠷᠢᠯᠠᠭᠤᠯᠬᠤ᠂ ᠡᠯᠧᠺᠲᠷᠣᠨ ᠳᠡᠯᠭᠡᠴᠡ ᠵᠡᠷᠭᠡ ᠶᠢ ᠤᠬᠠᠭᠤᠯᠪᠠ᠃ | ᠪᠦᠬᠦ ᠠᠷᠠᠳ ᠢ ᠳᠠᠶᠢᠴᠢᠯᠠᠬᠤ ᠤᠬᠠᠭᠤᠯᠭ᠎ᠠ ᠨᠢ ᠥᠷᠭᠡᠨ ᠣᠯᠠᠨ ᠲᠦᠮᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨᠠᠵᠢᠯ ᠢ ᠣᠶᠢᠯᠠᠭᠠᠬᠤ ᠨᠣᠷᠮ᠎ᠠ ᠪᠣᠯᠤᠨ ᠣᠷᠣᠯᠴᠠᠬᠤ ᠨᠣᠷᠮ᠎ᠠ ᠢ ᠪᠦᠲᠦᠮᠵᠢᠲᠡᠶ | ᠳᠡᠭᠡᠭᠰᠢᠯᠡᠭᠦᠯᠪᠡ᠃ | ᠬᠤᠲᠠ ᠶᠢᠨ ᠠᠷᠠᠳ ᠯᠢ ᠶᠢᠩ᠄ ︽ᠵᠡᠭᠡᠯᠢ ᠭᠤᠳᠤᠮᠵᠢ ᠪᠠᠷ ᠪᠦᠷ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠤᠬᠠᠭᠤᠯᠭ᠎ᠠ ᠶᠢ ᠣᠯᠵᠤ ᠬᠠᠷᠠᠨ᠎ᠠ᠂ ᠮᠠᠨ ᠤ ᠣᠯᠠᠨ ᠲᠦᠮᠡᠨ ᠢᠮᠦᠷᠬᠦᠦ ᠠᠭᠤᠷ ᠠᠮᠢᠰᠬᠤᠯ ᠤᠨ | ᠳᠣᠤᠷ᠎ᠠ ᠴᠤ ︽ᠬᠠᠷ᠎ᠠ ᠪᠦᠯᠦᠭᠲᠡᠨ ᠬᠠᠷᠭᠢᠰ ᠬᠦᠴᠦᠨ︾ ᠤ ᠬᠤᠤᠷ ᠬᠥᠨᠥᠭᠡᠯ ᠤᠨ ᠲᠤᠬᠠᠶ ᠨᠠᠩ ᠭᠦᠨᠵᠡᠭᠡᠶ | ᠤᠶᠢᠯᠠᠭᠠᠯᠲᠠ ᠲᠠᠢ ᠪᠣᠯᠵᠠᠶ᠂ ᠪᠢᠳᠡ ᠳᠤᠷᠠᠲᠠᠶ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠳᠡᠪᠬᠢᠲᠡᠢ | ᠢᠯᠡᠴᠢᠯᠡᠨ ᠮᠡᠳᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠤ ᠬᠤᠪᠢ ᠨᠡᠮᠡᠷᠢ ᠦᠵᠡᠭᠦᠯᠦᠨ᠎ᠡ᠃ | ︾ ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠣᠭᠤᠷᠢᠭ ᠪᠠᠰᠠ ︽ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠵᠤ ᠬᠥᠮᠦᠨ ᠪᠦᠬᠦᠨ ᠬᠠᠷᠭᠢᠰ ᠬᠦᠴᠦᠨ ᠢ ᠠᠷᠢᠯᠭᠠᠵᠤ᠂ ᠠᠮᠤᠷ ᠠᠮᠤᠭᠤᠯᠠᠩ ᠬᠠᠶᠢᠷᠤᠪ ᠤᠨ ᠪᠤᠯᠤᠩ ᠢ ᠴᠢ | ᠪᠢᠳᠡ ᠬᠠᠮᠲᠤ ᠪᠠᠷ ᠪᠠᠶᠢᠭᠤᠯᠬᠤ︾ ᠬᠠᠷᠠᠪᠦ᠋ᠯᠦᠭᠲᠡᠨᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ | ᠤᠬᠠᠭᠤᠯᠭ᠎ᠠ ᠶᠢᠨ ᠠᠵᠢᠯᠯᠠᠭ᠎ᠠ ᠶᠢ ᠡᠬᠢᠯᠡᠭᠦᠯᠬᠦ ᠶᠣᠰᠣᠯᠠᠯ ᠶᠠᠪᠤᠭᠤᠯᠤᠭᠰᠠᠨ ᠪᠥᠭᠡᠳ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠬᠤᠶᠠᠷ | ᠭᠤᠤᠯᠳᠠᠯᠭ᠎ᠠ ᠲᠠᠢ ᠬᠦᠷᠢᠶᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ | ᠤᠬᠠᠭᠤᠯᠭᠠᠲ᠋ᠠᠶᠢᠴᠢᠯᠠᠯᠲᠠ ᠬᠢᠭᠰᠡᠨ ᠪᠠᠶᠢᠳᠠᠯ ᠳᠤ ᠡᠷᠦᠬᠡᠲ᠋ᠠᠷᠠᠭᠠᠯᠠᠨᠪᠠᠶᠢᠴᠠᠭᠠᠯᠲᠠ ᠬᠢᠵᠦ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠦᠷᠢᠨ ᠪᠦᠷᠬᠦᠭᠦᠯᠬᠦ ᠶᠢ ᠪᠠᠲᠤᠯᠠᠵᠤ᠂ ᠥᠨᠴᠥᠭ ᠪᠤᠯᠤᠩ | ᠥᠬᠡᠶ ᠪᠠᠶᠢᠬᠤ ᠶᠢ ᠪᠠᠲᠤᠯᠠᠪᠠ᠃ | ᠬᠠᠶᠢᠷᠤᠪ ᠤᠨ ᠲᠣᠬᠤᠢ ᠲᠣᠭᠤᠷᠢᠭ ᠴᠢᠩᠭᠠᠱᠠᠭᠠᠷᠳᠠᠯᠭᠠ᠂ ᠥᠷᠭᠡᠨ ᠬᠡᠪᠴᠢᠶ᠎ᠡ ᠪᠠᠷ ᠪᠦᠷᠬᠦᠭᠦᠯᠵᠦ᠂ | ᠬᠡᠯᠪᠡᠷᠢ ᠶᠢ ᠰᠢᠨᠡᠴᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠬᠠᠭᠤᠯᠬᠤ ᠠᠷᠭ᠎ᠠ | ᠬᠡᠮᠵᠢᠶ᠎ᠡ ᠠᠪᠴᠤ᠂ ᠪᠦᠬᠦ ᠠᠷᠠᠳ ᠢᠶᠠᠷ ᠢᠶᠠᠨ ᠳᠠᠶᠢᠴᠢᠯᠠᠵᠤ᠂ ᠪᠦᠬᠦ ᠠᠷᠠᠳ ᠢᠶᠠᠷ ᠢᠶᠠᠨ ᠣᠷᠣᠯᠴᠠᠬᠤ ᠶᠢ ᠦᠨᠡᠨ ᠬᠦ | ᠪᠡᠶᠡᠯᠡᠭᠦᠯᠵᠦ᠂ ᠪᠦᠬᠦ ᠣᠷᠣᠨ ᠳᠠᠶᠠᠭᠠᠷ ᠥᠴᠦᠬᠡᠨ ᠴᠦ ᠡᠪᠯᠡᠷᠡᠰᠢ ᠦᠭᠡᠢ ᠪᠠᠷ ᠬᠠᠷ᠎ᠠ ᠪᠦᠯᠦᠭᠲᠡᠨ ᠬᠠᠷᠭᠢᠰ | ᠬᠦᠴᠦᠨ ᠳᠤ ᠳᠠᠶᠢᠨ ᠵᠠᠷᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠠᠶᠢᠨ ᠬᠢᠬᠦ ᠶᠢ ᠤᠷᠢᠶᠠᠯᠠᠪᠠ᠃ | | |