ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠴᠠᠭᠠᠨ ᠰᠤᠳᠤᠯᠬᠤ  ᠲᠤᠭᠤᠶᠢᠯᠠᠩ ᠤᠨ ᠬᠢᠨ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2019-07-24
     ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠣᠷᠣᠨ ᠤ ᠶᠡᠷᠦᠩᠬᠡᠶ ᠨᠠᠮ ᠤᠨ ᠭᠡᠰᠢᠭᠦᠨ ᠺᠠᠳ᠋ᠷ ᠤᠨ ᠦᠨᠳᠦᠰᠦᠨ ᠱᠠᠲᠤᠨ ᠤ ᠬᠠᠷᠢᠯᠴᠠᠬᠤ ᠴᠡᠭ ᠤᠨ ᠳᠦᠷᠢᠮ ᠢ ᠪᠠᠶᠢᠭᠤᠯᠬᠤ ᠲᠤᠬᠠᠶ ᠱᠠᠭᠠᠷᠳᠠᠯᠭ᠎ᠠ ᠶᠢ ᠭᠦᠨᠵᠡᠭᠡᠶ ᠨᠠᠢᠳᠠᠪᠤᠷᠢᠵᠢᠭᠤᠯᠬᠤ᠂ ᠤᠯᠠᠮ ᠨᠢᠭᠡ ᠠᠯᠬᠤᠮ ᠨᠢᠭᠲᠠ ᠬᠠᠷᠢᠯᠴᠠᠬᠤ ᠪᠠ ᠲᠡᠭᠦᠨ ᠳᠤ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ ᠮᠠ ᠰᠠᠨ ᠯᠢᠨ᠂ ᠬᠠᠶᠢᠷᠤᠪ ᠤᠨ ᠲᠣᠬᠤᠢ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠹᠠᠨ ᠹᠧᠩ ᠪᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠴᠠᠭᠠᠨ ᠰᠤᠳᠤᠯᠬᠤ ᠲᠤᠭᠤᠶᠢᠯᠠᠩ ᠤᠨ ᠬᠢᠨ ᠤᠷᠢᠳ ᠬᠤᠵᠢᠳ ᠬᠠᠶᠢᠷᠤᠪ ᠤᠨ ᠲᠣᠬᠤᠢ ᠲᠣᠭᠤᠷᠢᠭ ᠤᠨ ᠠᠵᠢᠯᠴᠢᠨ ᠤ ᠶᠡᠷᠦᠩᠬᠡᠶ‌ᠡᠪᠯᠡᠯ᠂  ᠳ᠋ᠧ ᠱᠧᠩ ᠱᠧᠩ ᠶᠤᠸᠠᠢ ᠵᠢᠨ‌ᠨᠡᠭᠦᠷᠡᠰᠦ ᠤᠬᠢᠶᠠᠬᠤ ᠬᠢᠵᠠᠭᠠᠷᠲᠤ ᠺᠣᠮᠫᠠᠨᠢ ᠳᠤ ᠬᠦᠷᠴᠦ᠂  ᠠᠵᠢᠯᠴᠢᠨ ‍ᠤ‌ᠡᠪᠯᠡᠯ ᠶᠢᠨ ᠬᠢᠨ ᠤ ᠤᠶᠢᠯᠡᠳᠦᠯ ᠢ ᠪᠠᠳᠠᠷᠠᠭᠤᠯᠵᠤ ᠪᠠᠶᠢᠭ᠎ᠠ‌‍ᠪᠠᠶᠢᠳᠠᠯ ‍ᠤᠨ‌‍ᠲ᠋ᠤᠬᠠᠶ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠲᠠᠢ ᠰᠠᠨᠠᠯ ᠢᠶᠠᠨ ᠰᠣᠯᠢᠯᠴᠠᠵᠤ᠂ ᠶᠠᠷᠢᠯᠴᠠᠵᠤ᠂ ᠣᠯᠠᠨ ᠢᠶᠠᠷ ᠢᠶᠠᠨ ᠰᠠᠨᠠᠯ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠰᠠᠨᠠᠯ ᠢᠶᠠᠨ ᠶᠠᠷᠢᠵᠤ᠂ ᠠᠯᠢ ᠣᠯᠠᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ‌‍ᠲ᠋ᠤᠷᠠᠳᠴᠠᠶ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠠᠵᠤ ᠠᠬᠤᠢ ᠶᠢᠨ ᠶᠠᠮᠤᠨ ᠤ ᠳᠡᠳ᠋ ᠰᠠᠶᠢᠳ  ᠯᠢᠦ ᡁᠢ ᠵᠦᠩ ᠴᠢᠬᠤᠯᠠᠴᠢᠯᠠᠭᠰᠠᠨ ᠨᠢ᠂ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠪᠠᠷ ᠳᠠᠮᠵᠢᠨ᠂ ᠦᠨᠳᠦᠰᠦᠨ ᠱᠠᠲᠤᠨ ᠤ ᠠᠵᠢᠯ ᠳᠠᠬᠢ ᠭᠤᠤᠯ ᠠᠷᠭ᠎ᠠ‌‍ᠬᠢᠳᠡᠯ᠂ ᠰᠢᠨ᠎ᠡ ᠶᠢ ᠡᠭᠦᠳᠬᠦ ᠭᠢᠯᠠᠰ ᠴᠡᠭ‌ᠵᠢᠴᠢ ᠣᠷᠣᠰᠢᠵᠤ ᠪᠠᠶᠢᠭ᠎ᠠ‌ᠠᠰᠠᠭᠤᠳᠠᠯ ᠢ ᠡᠵᠡᠮᠰᠢᠵᠦ᠂ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯ ᠶᠢᠨ ᠲᠠᠰᠤᠭ ᠢ ᠢᠳᠡᠪᠬᠢᠲᠡᠢ ᠰᠣᠩᠭᠤᠨ ᠪᠠᠶᠢᠭᠤᠯᠵᠤ᠂ ᠬᠥᠳᠡᠯᠮᠦᠷᠢ ᠶᠢᠨ ᠤᠷᠤᠯᠳᠤᠭᠠᠨ ᠢ ᠶᠡᠬᠡᠪᠡᠷ ᠥᠷᠨᠢᠭᠦᠯᠬᠦ ᠶᠢᠨ ᠬᠠᠮᠲᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠩᠬᠠᠨ ᠤ ᠮᠠᠲ᠋ᠧᠷᠢᠶᠠᠯ ᠢ ᠴᠤᠭᠯᠠᠭᠤᠯᠵᠤ᠂ ᠠᠰᠠᠭᠤᠳᠠᠯ ᠭᠠᠷᠤᠭᠰᠠᠨ ᠰᠠᠨᠠᠭᠤᠯᠭ᠎ᠠ ᠶᠢ ᠡᠮᠬᠢᠯᠡᠵᠦ᠂ ᠳᠠᠷᠠᠭᠠᠴᠢ ᠶᠢᠨ ᠠᠯᠬᠤᠮ ᠳᠤ ᠠᠵᠢᠯᠴᠢᠨ ᠤ ᠡᠪᠯᠡᠯ ᠤᠨ ᠬᠥᠳᠡᠯᠮᠦᠷᠢ ᠪᠠ‌ᠠᠵᠤ ᠠᠬᠤᠶ ᠮᠡᠷᠭᠡᠵᠢᠯ ᠤᠨ ᠠᠵᠢᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号