ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠬᠠᠷᠠᠯᠲᠠ ᠪᠠᠨ ᠲᠣᠳᠣᠷᠬᠠᠶᠢᠯᠠᠵᠤ᠂ | ᠵᠥᠷᠢᠶ᠎ᠡ ᠪᠠᠨ ᠡᠷᠢᠵᠦ᠂ ᠬᠠᠷᠢᠭᠤᠴᠠᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠨᠢᠭᠡᠳ ᠨᠢᠭᠡ ᠪᠠᠷ ᠰᠢᠪᠲᠤᠯᠵᠤ᠂ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠡᠶ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠠᠵᠢᠯ ᠲᠥᠷᠥᠯ ᠤᠨ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠰᠠᠭᠤᠭᠠᠯᠢ | ᠠᠷᠠᠳ ᠤᠨ ᠡᠷᠡᠭᠦᠯ ᠴᠢᠭᠢᠷᠠᠭ ᠢ ᠪᠠᠬᠢᠵᠢᠭᠦᠯᠦᠨ᠂ ᠡᠷᠡᠭᠦᠯ ᠡᠩᠬᠡ ᠬᠠᠶᠢᠷᠤᠪ ᠤᠨ ᠪᠤᠯᠤᠩ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | 7 ᠰᠠᠷ᠎ᠠ ᠶᠢᠨ 16 ᠤ ᠡᠳᠦᠷ᠂ ᠰᠤᠷᠪᠤᠯᠵᠢᠯᠠᠭᠴᠢ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠲᠤ ᠬᠦᠷᠴᠦ᠂ ᠠᠳᠡᠬᠢ ᠲᠥᠪ ᠤᠨ | ᠲᠤᠰᠬᠠᠶ ᠮᠡᠷᠭᠡᠵᠢᠯᠲᠡᠨ ᠵᠠᠩ ᠯᠸᠢ ᠡᠮᠴᠢ ᠶᠠᠭ ᠶᠠᠭᠠᠷᠠᠯᠲᠠᠶ ᠡᠮᠨᠡᠭᠦᠯᠵᠦ ᠪᠠᠶᠢᠨ᠎ᠠ᠃ ᠵᠠᠩ ᠯᠸᠢ ᠡᠮᠴᠢ ᠪᠣᠯ | ᠪᠡᠭᠡᠵᠢᠩ ᠤᠨ ᠬᠢᠲᠠᠳ ᠡᠮ ᠡᠮᠨᠡᠯᠭᠡ ᠶᠢᠨ ︽ᠭᠠᠯ ᠭᠤᠯᠣᠮᠲᠠ 3 + 3 ᠢᠨᠵᠧᠨᠧᠷᠢᠩ︾ ᠤᠨ ᠰᠢᠯᠢᠳᠡᠭ | ᠴᠢᠳᠠᠪᠤᠷᠢᠲᠠᠨ ᠪᠠᠶᠢᠵᠤ᠂ ᠦᠨᠳᠦᠰᠦᠨ ᠱᠠᠲᠤᠨ ᠤ ᠡᠮᠴᠢᠯᠡᠭᠡᠨ ᠤ ᠠᠵᠢᠯ ᠢ 30 ᠵᠢᠯ ᠬᠢᠵᠦ᠂ ᠣᠯᠠᠨ ᠤᠳᠠᠭ᠎ᠠ | ᠪᠡᠭᠡᠵᠢᠩ ᠳᠤ ᠬᠦᠷᠴᠦ ᠳᠠᠪᠲᠠᠨ ᠪᠣᠯᠪᠠᠰᠤᠷᠠᠵᠤ ᠥᠩᠭᠡᠷᠡᠵᠡᠶ᠃ ᠣᠶᠢᠯᠠᠭᠠᠭᠰᠠᠨ ᠢᠶᠠᠷ᠂ ᠡᠨᠡ ᠵᠢᠯ ᠪᠢᠨ ᠾᠧ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠲᠤ ᠰᠢᠨ᠋ ᠬᠤᠪᠢᠷᠠᠯᠲᠠ ᠭᠠᠷᠴᠠᠶ — ᠵᠠᠩ | ᠯᠧᠢ ᠡᠮᠴᠢ ᠠᠴᠠ ᠭᠠᠳᠠᠨ᠎ᠠ᠂2 ᠲᠥᠪ ᠤᠨ ᠲᠤᠰᠬᠠᠶ ᠮᠡᠷᠭᠡᠵᠢᠯᠲᠡᠨ᠂ 4 ᠲᠣᠭᠤᠷᠢᠭ ᠤᠨ ᠬᠢᠲᠠᠳ ᠡᠮᠨᠡᠯᠭᠡ ᠶᠢᠨ | ᠬᠤᠷᠢᠶᠠᠨ ᠤ ᠲᠤᠰᠬᠠᠶ ᠮᠡᠷᠭᠡᠵᠢᠯᠲᠡᠨ ᠵᠢᠴᠢ ᠬᠤᠲᠠ ᠶᠢᠨ ᠲᠡᠰ ᠤᠨ 3 ᠡᠮᠨᠡᠯᠭᠡ ᠶᠢᠨ ᠬᠤᠷᠢᠶᠠᠨ ᠤ ᠲᠤᠰᠬᠠᠶ | ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ ᠤ ᠪᠦᠯᠬᠦᠮ ᠨᠢ ᠴᠥᠮ ᠭᠠᠷᠠᠭ ᠪᠦᠷᠢ ᠲᠣᠭᠲᠠᠭᠰᠠᠨ | ᠬᠤᠭᠤᠴᠠᠭ᠎ᠠ ᠲᠠᠢ ᠪᠠᠷ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠲᠤ ᠢᠷᠡᠵᠦ ᠡᠪᠡᠳᠴᠢᠨ ᠦᠵᠡᠭᠦᠯᠵᠦ᠂ | ᠤᠶᠢᠷ᠎ᠠ ᠬᠠᠪᠢ ᠶᠢᠨ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠳᠤ ᠲᠤᠶᠢᠯ ᠤᠨ ᠶᠡᠭᠡ ᠳᠥᠭᠦᠮ ᠦᠵᠡᠭᠦᠯᠬᠦ | ᠪᠣᠯᠤᠨ᠎ᠠ᠃ | ᠪᠢᠨ ᠾᠧ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠤᠨ ᠡᠷᠬᠢᠯᠡᠭᠴᠢ ᠪᠠᠶ | ᠯᠢ ᠫᠢᠩ᠄ ︽ᠡᠨᠡ ᠵᠢᠯ ᠠᠴᠠ ᠨᠠᠰᠢ᠂ ᠪᠢᠳᠡ ᠭᠡᠷ᠎ᠡ ᠲᠣᠭᠲᠠᠭᠰᠠᠨ ᠪᠦᠯᠬᠦᠮ ᠨᠡᠶᠢᠲᠡ ᠶᠢ ᠳᠠᠬᠢᠨ ᠵᠣᠬᠢᠶᠠᠨ | ᠪᠠᠶᠢᠭᠤᠯᠬᠤ᠂ ︽6s︾ ᠤᠨ ᠬᠠᠮᠢᠶᠠᠷᠤᠯᠲᠠ ᠶᠢ ᠬᠡᠷᠡᠭᠵᠢᠭᠦᠯᠬᠦ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ | ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠪᠠᠷ ᠳᠠᠮᠵᠢᠨ᠂ | ᠬᠡᠤᠬᠡᠳ ᠤᠨ ᠰᠠᠯᠠᠭ᠎ᠠ᠂ ᠬᠡᠤᠬᠡᠳ ᠤᠨ ᠳᠡᠳ᠋ ᠡᠷᠡᠭᠦᠯ ᠮᠡᠨᠳᠦ ᠶᠢᠨ ᠬᠠᠮᠢᠶᠠᠷᠤᠯᠲᠠ ᠵᠢᠴᠢ ᠡᠮᠡᠭᠲᠡᠶ ᠶᠢᠨ ᠡᠮᠨᠡᠯᠭᠡ ᠶᠢᠨ | ᠰᠠᠯᠠᠭ᠎ᠠ ᠵᠡᠷᠭᠡ ᠣᠨᠣᠰᠢᠯᠠᠨ ᠡᠮᠨᠡᠬᠦ ᠲᠥᠷᠥᠯ ᠵᠤᠶᠢᠯ ᠢ ᠰᠢᠨ᠎ᠡ ᠪᠠᠷ ᠨᠡᠮᠡᠭᠳᠡᠭᠦᠯᠵᠦ᠂ ᠡᠮᠨᠡᠯᠭᠡ ᠶᠢᠨ ᠬᠤᠷᠢᠶ᠎ᠠ ᠶᠢᠨ | ᠡᠪᠡᠳᠴᠢᠨ ᠦᠵᠡᠭᠦᠯᠬᠦ ᠣᠷᠴᠢᠨ ᠲᠣᠭᠤᠷᠢᠨ᠂ ᠡᠮᠨᠡᠯᠭᠡ ᠶᠢᠨ ᠠᠵᠢᠯᠲᠠᠨ ᠤ ᠤᠶᠢᠯᠡᠴᠢᠯᠡᠭᠡᠨ ᠤ ᠦᠵᠡᠯᠲᠡ ᠪᠠ | ᠤᠶᠢᠯᠡᠴᠢᠯᠡᠭᠡᠨ ᠤ ᠤᠷ᠎ᠠ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ | ᠬᠠᠶᠢᠷᠤᠪ ᠤᠨ ᠲᠣᠬᠤᠢ ᠲᠣᠭᠤᠷᠢᠭ ᠲᠤ ᠰᠢᠨ᠎ᠡ ᠬᠡᠯᠪᠡᠷᠢ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠤᠶᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠣᠳᠣᠬᠠᠨ ᠳᠤ᠂ ᠬᠠᠷᠢᠶ᠎ᠠ ᠣᠷᠣᠨ ᠳᠤ 1 ᠡᠷᠡᠭᠦᠯ | ᠬᠠᠮᠠᠭᠠᠯᠠᠯ ᠤᠨ ᠬᠤᠷᠢᠶ᠎ᠠ᠂ 7 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠲᠠᠢ | ᠪᠠᠶᠢᠵᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠪᠠ ᠡᠮ ᠡᠮᠨᠡᠯᠭᠡ ᠶᠢᠨ | ᠤᠶᠢᠯᠡᠴᠢᠯᠡᠭᠡᠨ ᠶᠢ ᠪᠦᠬᠦᠨ ᠢ ᠪᠦᠷᠬᠦᠭᠦᠯᠬᠦ ᠶᠢ ᠪᠦᠬᠦ ᠲᠠᠯ᠎ᠠ ᠪᠠᠷ ᠪᠡᠶᠡᠯᠡᠭᠦᠯᠪᠡ᠃ ᠪᠦᠬᠦ ᠣᠷᠣᠨ ᠳᠤ ᠡᠷᠡᠭᠦᠯ | ᠮᠡᠨᠳᠦ ᠶᠢᠨ ᠳᠠᠩᠰᠠ ᠡᠪᠬᠡᠮᠡᠯ 300033 ᠬᠥᠮᠦᠨ ᠪᠠᠶᠢᠭᠤᠯᠵᠤ᠂ ᠳᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 95 | % ᠳᠤ ᠬᠦᠷᠪᠡ᠃ | ᠡᠨᠡ ᠵᠢᠯ᠂ ᠬᠠᠶᠢᠷᠤᠪ ᠤᠨ ᠲᠣᠬᠤᠢ ᠲᠣᠭᠤᠷᠢᠭ ᠳᠡᠰ ᠬᠤᠪᠢᠶᠠᠨ ᠣᠨᠣᠰᠢᠯᠠᠨ ᠡᠮᠨᠡᠬᠦ ᠪᠠᠶᠢᠭᠤᠯᠤᠯᠲᠠ ᠶᠢ | ᠲᠦᠷᠭᠡᠳᠬᠡᠵᠦ᠂ ᠠᠨᠠᠭᠠᠬᠤ ᠤᠬᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ᠂ ᠭᠡᠷ ᠪᠦᠯᠢ ᠶᠢᠨ ᠭᠡᠷᠡᠲᠦ | ᠤᠶᠢᠯᠡᠴᠢᠯᠡᠭᠡ᠂ ᠬᠤᠶᠠᠳᠤᠭᠠᠷ ᠲᠡᠰ ᠤᠨ ᠡᠮᠨᠡᠯᠭᠡ ᠶᠢᠨ ᠬᠤᠷᠢᠶᠠᠨ ᠤ ᠶᠡᠭᠡ ᠡᠮᠴᠢ ᠶᠢᠨ ᠦᠨᠳᠦᠰᠦᠨ ᠱᠠᠲᠤᠨ ᠳᠤ | ᠬᠦᠷᠴᠦ ᠤᠶᠢᠯᠡᠴᠢᠯᠡᠬᠦ ᠳᠦᠷᠢᠮ ᠪᠣᠯᠤᠨ ᠠᠵᠢᠯᠲᠠᠨ᠂ ᠮᠡᠷᠭᠡᠵᠢᠯ ᠤᠨ ᠬᠤᠤᠰ ᠵᠤᠶᠢᠯ ᠦᠨᠳᠦᠰᠦᠨ ᠱᠠᠲᠤᠨ ᠳᠤ | ᠬᠦᠷᠴᠦ ᠤᠶᠢᠯᠡᠴᠢᠯᠡᠬᠦ ᠶᠢ ᠠᠬᠢᠭᠤᠯᠵᠤ᠂ ᠢᠨᠲ᠋ᠧᠷ ᠰᠦᠯᠵᠢᠶ᠎ᠡ + ᠢᠨᠵᠧᠨᠧᠷᠢᠩ ᠵᠢᠴᠢ ᠤᠳᠠᠭᠠᠨ ᠴᠢᠨᠠᠷᠲᠠᠶ | ᠡᠪᠡᠳᠴᠢᠨ ᠢ ᠠᠬᠢᠭᠤᠯᠬᠤ ︽ᠭᠤᠷᠪᠠ ᠶᠢ ᠬᠢᠵᠦ ᠭᠤᠷᠪᠠ ᠶᠢ ᠠᠬᠢᠭᠤᠯᠬᠤ︾ ᠢᠨᠵᠧᠨᠧᠷᠢᠩ ᠢ ᠬᠡᠷᠡᠭᠵᠢᠭᠦᠯᠦᠨ᠎ᠡ᠃ | ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠠᠷ ᠲᠥᠪ ᠪᠤᠯᠭᠠᠵᠤ᠂ ᠬᠠᠷᠢᠶᠠᠲᠤ | ᠣᠷᠣᠨ ᠤ ᠵᠠᠰᠠᠭ ᠤᠨ ᠣᠷᠳᠣᠨ ᠤ ᠡᠷᠬᠢᠯᠡᠭᠰᠡᠨ 5 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ | ᠬᠠᠮᠤᠷᠤᠭᠰᠠᠨ ᠣᠷᠣᠨ ᠪᠦᠰᠡ ᠶᠢᠨ ᠡᠮᠴᠢᠯᠡᠭᠡᠨ ᠤ ᠤᠶᠢᠯᠡᠴᠢᠯᠡᠭᠡᠨ ᠤ ᠬᠠᠮᠲᠤ ᠶᠢᠨ ᠴᠣᠭᠴᠠ᠂ 5 ᠡᠮᠴᠢᠯᠡᠭᠡᠨ ᠤ | ᠮᠡᠷᠭᠡᠵᠢᠯ ᠤᠨ ᠤᠶᠢᠯᠡᠴᠢᠯᠡᠭᠡᠨ ᠤ ᠠᠩᠭᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ | ᠲᠣᠭᠤᠷᠢᠨᠡᠮᠴᠢᠯᠡᠬᠦ᠂ ᠡᠭᠡᠯᠵᠢᠯᠡᠨ ᠡᠮᠴᠢᠯᠡᠬᠦ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ᠂ 38 ᠭᠡᠷ ᠪᠦᠯᠢ ᠶᠢᠨ | ᠬᠠᠷᠢᠭᠤᠴᠠᠯᠭᠠᠲᠤ ᠶᠡᠭᠡ ᠡᠮᠴᠢ ᠶᠢᠨ ᠪᠦᠯᠬᠦᠮ ᠢ ᠵᠣᠬᠢᠶᠠᠨ ᠪᠠᠶᠢᠭᠤᠯᠵᠤ ᠭᠡᠷᠡᠲᠦ ᠤᠶᠢᠯᠡᠴᠢᠯᠡᠭᠡ ᠥᠷᠨᠢᠭᠦᠯᠪᠡ᠂ | ᠣᠳᠣᠬᠠᠨ ᠳᠤ᠂ ᠡᠩ ᠤᠨ ᠬᠥᠮᠦᠰ ᠤᠨ ᠭᠡᠷᠡᠲᠦ ᠤᠶᠢᠯᠡᠴᠢᠯᠡᠭᠡ ᠶᠢᠨ ᠪᠦᠷᠬᠦᠴᠡ ᠶᠢᠨ ᠨᠣᠷᠮ᠎ᠠ 26.91 % ᠳᠤ | ᠬᠦᠷᠴᠦ᠂ ᠭᠤᠤᠯᠳᠠᠯᠭ᠎ᠠ ᠲᠠᠢ ᠬᠥᠮᠦᠰ ᠤᠨ 78.55 % ᠳᠤ ᠬᠦᠷᠴᠡᠶ᠃ ᠪᠠᠰᠠ 28 ᠭᠤᠤᠯᠯᠠᠭᠴᠢ ᠡᠮᠴᠢ ᠶᠢ 5 | ᠨᠡᠶᠢᠭᠡᠮ ᠲᠣᠭᠤᠷᠢᠭ ᠤᠨ ᠲᠥᠪ ᠲᠤ ᠲᠣᠮᠢᠯᠠᠨ ᠤᠷᠲᠤ ᠬᠤᠭᠤᠴᠠᠭ᠎ᠠ ᠪᠠᠷ ᠲᠣᠭᠤᠷᠢᠨ ᠦᠵᠡᠭᠦᠯᠵᠦ᠂ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠨᠣᠷᠮ᠎ᠠ ᠢ ᠳᠡᠭᠡᠭᠰᠢᠯᠡᠭᠦᠯᠵᠦ᠂ ᠣᠯᠠᠨ ᠲᠦᠮᠡᠨ ᠤ ᠦᠨᠳᠦᠰᠦᠨ ᠱᠠᠲᠤ ᠶᠢ ᠢᠲᠡᠭᠡᠬᠦ | ᠰᠡᠳᠬᠢᠯᠭᠡ ᠶᠢ ᠨᠡᠮᠡᠭᠳᠡᠭᠦᠯᠪᠡ᠃ ᠣᠳᠣᠬᠠᠨ ᠳᠤ᠂ ᠡᠮᠴᠢᠯᠡᠭᠡᠨ ᠤ ᠬᠠᠮᠲᠤ ᠶᠢᠨ ᠪᠡᠶ᠎ᠡ ᠶᠢᠨ ᠳᠣᠲᠣᠭᠠᠳᠤ ᠳᠤ | ᠪᠠᠶᠢᠭᠤᠯᠤᠭᠰᠠᠨ ᠠᠯᠤᠰ ᠡᠵᠡᠮᠰᠢᠯᠲᠦ ᠬᠠᠮ ᠣᠨᠣᠰᠢᠯᠠᠯᠲᠠ᠂ ᠭᠤᠯᠤᠮᠲᠠ᠂ ᠵᠢᠷᠦᠬᠡᠨ ᠯᠤᠭᠰᠢᠯᠲᠠ ᠶᠢᠨ ᠵᠢᠷᠤᠭ ᠢ | ᠮᠠᠭᠠᠳᠯᠠᠨ ᠤᠩᠰᠢᠬᠤ᠂ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠵᠡᠷᠭᠡ 18 ᠡᠯᠧᠺᠲᠷᠣᠨ ᠮᠡᠳᠡᠭᠡ | ᠵᠠᠩᠭᠢᠵᠢᠯᠲᠠ ᠶᠢᠨ ᠲᠠᠪᠴᠠᠩ ᠤᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠤᠭ᠎ᠠ ᠪᠠᠷᠢᠮᠲᠠ ᠶᠢ ᠬᠠᠮᠲᠤ ᠪᠠᠷ | ᠡᠳ᠋ᠯᠡᠬᠦ ᠶᠢ ᠪᠡᠶᠡᠯᠡᠭᠦᠯᠪᠡ᠃ ᠵᠠᠰᠠᠭ ᠤᠨ ᠣᠷᠳᠣᠨ ᠤ ᠡᠷᠬᠢᠯᠡᠭᠰᠡᠨ 6 ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠨᠢ ᠴᠥᠮ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠤ ᠡᠭᠦᠳᠡᠨ ᠡᠮᠨᠡᠯᠭᠡ ᠶᠢ ᠨᠡᠪᠲᠡᠷᠡᠭᠦᠯᠵᠦ᠂ 70 | ᠨᠡᠷᠡᠰ ᠡᠪᠡᠳᠴᠢᠲᠡᠨ ᠨᠢ ᠣᠷᠣᠨ ᠤ ᠲᠡᠰ ᠤᠨ ᠡᠮᠨᠡᠯᠭᠡ ᠶᠢᠨ ᠬᠤᠷᠢᠶ᠎ᠠ ᠠᠴᠠ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠬᠦᠷᠪᠡ᠃ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠬᠤᠤᠰ ᠴᠢᠭᠯᠡᠯ ᠢᠶᠠᠷ ᠰᠢᠯᠵᠢᠭᠦᠯᠦᠨ | ᠡᠮᠨᠡᠬᠦ᠂ ᠲᠦᠷᠭᠡᠨ ᠤᠳᠠᠭᠠᠨ ᠴᠢᠨᠠᠷᠲᠠᠶ ᠰᠠᠯᠭᠠᠨ ᠵᠠᠰᠠᠬᠤ᠂ ᠳᠡᠭᠡᠰᠦ ᠳᠣᠣᠷᠠᠳᠤ ᠱᠠᠲᠤ ᠬᠤᠯᠪᠣᠭᠠᠯᠠᠨ | ᠬᠥᠳᠡᠯᠦᠯᠴᠡᠭᠰᠡᠨ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ | ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠣᠭᠤᠷᠢᠭ ᠨᠢ ᠬᠢᠲᠠᠳ ᠡᠮᠨᠡᠯᠭᠡ ᠶᠢᠨ ᠣᠨᠴᠠᠯᠢᠭ ᠢ | ᠦᠷᠭᠦᠯᠵᠢᠯᠡᠨ ᠬᠥᠭᠵᠢᠭᠦᠯᠵᠡᠶ᠃ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠥᠪᠥᠷ | ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠯᠢᠦ ᠪᠦᠦ ᠶᠠᠨ ᠫᠷᠣᠫᠧᠰᠰᠤᠷ ᠤᠨ ᠲᠤᠰᠬᠠᠶ ᠮᠡᠷᠭᠡᠵᠢᠯᠲᠡᠨ ᠤ ᠪᠦᠯᠬᠦᠮ ᠲᠠᠢ | ᠵᠢᠩᠬᠢᠨᠢ ᠪᠠᠷ ᠬᠡᠯᠡᠯᠴᠡᠭᠡᠷ ᠲᠣᠭᠲᠠᠵᠤ᠂ ᠦᠨᠳᠦᠰᠦᠨ ᠱᠠᠲᠤᠨ ᠤ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ | ᠪᠠᠶᠢᠭᠤᠯᠵᠦ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠭᠤᠤᠯᠳᠠᠯᠭ᠎ᠠ ᠲᠠᠢ ᠰᠤᠷᠭᠠᠭᠤᠯᠢ ᠶᠢᠨ | ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠭᠦᠨᠵᠡᠭᠡᠶ ᠬᠠᠮᠲᠤᠷᠠᠯᠴᠠᠬᠤ ᠶᠢᠨ ᠬᠠᠮᠲᠤ ᠬᠢᠲᠠᠳ ᠡᠮᠨᠡᠯᠭᠡ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮᠴᠢᠯᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡ | ᠴᠣᠭᠴᠠᠵᠢᠭᠰᠠᠨ ᠲᠠᠪᠴᠠᠩ ᠢ ᠣᠷᠣᠭᠤᠯᠤᠨ ᠠᠪᠴᠢᠷᠠᠬᠤ ᠪᠣᠯᠤᠨ᠎ᠠ᠃ | ᠬᠠᠶᠢᠷᠤᠪ ᠤᠨ ᠲᠣᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ | ᠡᠷᠬᠢᠯᠡᠭᠴᠢ ᠸᠠᠩ ᠰᠢᠶᠦ᠋ᠩ᠄ ︽ᠡᠨᠡ ᠵᠢᠯ᠂ ᠬᠠᠶᠢᠷᠤᠪ ᠤᠨ ᠲᠣᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠬᠢᠨ ᠡᠬᠢ ᠪᠠᠶᠠᠯᠢᠭ ᠢ ᠠᠬᠢᠭᠤᠯᠵᠤ᠂ ᠡᠮᠴᠢ ᠶᠢ ᠳᠣᠷᠣᠭᠰᠢ ᠶᠠᠪᠤᠭᠤᠯᠪᠠ᠃ ᠣᠷᠣᠨ | ᠪᠦᠰᠡ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠵᠣᠬᠢᠶᠠᠨ ᠪᠠᠶᠢᠭᠤᠯᠵᠤ᠂ ᠣᠷᠣᠨ ᠤ ᠬᠠᠷᠢᠶ᠎ᠠ ᠪᠦᠬᠦᠢ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠠᠴᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠤᠶᠢᠯᠡᠴᠢᠯᠡᠭᠡᠨ ᠤ ᠲᠥᠪ ᠲᠤ ᠭᠤᠷᠪᠠ ᠶᠢ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠦᠨ᠎ᠡ᠃ ᠡᠮᠴᠢ ᠨᠡᠷ ᠦᠨᠳᠦᠰᠦᠨ | ᠱᠠᠲᠤᠨ ᠤ ᠨᠡᠶᠢᠭᠡᠮ ᠲᠣᠭᠤᠷᠢᠭ ᠲᠤ ᠬᠦᠷᠴᠦ ᠲᠣᠭᠤᠷᠢᠨ ᠡᠮᠴᠢᠯᠡᠬᠦ᠂ ᠡᠭᠡᠯᠵᠢᠯᠡᠨ ᠡᠮᠴᠢᠯᠡᠬᠦ᠂ ᠰᠠᠭᠤᠵᠤ ᠡᠮᠴᠢᠯᠡᠬᠦ ᠶᠢ | ᠠᠬᠢᠭᠤᠯᠵᠤ᠂ ᠣᠯᠠᠨ ᠲᠦᠮᠡᠨ ᠳᠤ ᠡᠮᠨᠡᠭᠦᠯᠦᠨ ᠡᠮᠨᠡᠭᠦᠯᠬᠦ ᠶᠢ ᠠᠬᠢᠭᠤᠯᠤᠨ᠎ᠠ᠃ ᠡᠮ ᠤᠨ ᠵᠠᠷᠤᠳᠠᠯ ᠢ ᠪᠠᠭᠤᠷᠠᠭᠤᠯᠳᠠᠭ᠂ | ᠦᠨᠳᠦᠰᠦᠨ ᠡᠮ ᠤᠨ ᠵᠤᠶᠢᠯ ᠤᠨ ᠳᠦᠷᠢᠮ᠂ ᠬᠤᠶᠠᠷ ᠪᠠᠷᠢᠮᠲᠠ ᠶᠢᠨ ᠳᠦᠷᠢᠮ᠂ ᠰᠦᠯᠵᠢᠶᠡᠨ ᠳᠡᠭᠡᠷ᠎ᠡ ᠲᠥᠪᠯᠡᠷᠡᠭᠦᠯᠦᠨ | ᠬᠤᠳᠠᠯᠳᠤᠨᠠᠪᠬᠤ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠮᠴᠢᠯᠡᠭᠡᠨ ᠤ ᠬᠠᠮᠲᠤ ᠶᠢᠨ | ᠳᠣᠲᠣᠭᠠᠳᠤ ᠶᠢᠨ ᠡᠮ ᠤᠨ ᠪᠠᠶᠢᠩᠭᠤ ᠶᠢᠨ ᠬᠡᠮᠵᠢᠶ᠎ᠡ ᠪᠠᠷ ᠬᠤᠳᠠᠯᠳᠤᠨ ᠠᠪᠬᠤ ᠬᠡᠯᠡᠯᠴᠡᠭᠡᠷ ᠲᠣᠭᠲᠠᠴᠠ ᠶᠢᠨ | ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠮ ᠤᠨᠵᠤᠶᠢᠯ ᠤᠨ ᠦᠨ᠎ᠡ ᠬᠠᠩᠰᠢ ᠶᠢ ᠪᠠᠭᠤᠷᠠᠭᠤᠯᠤᠨ᠎ᠠ᠃ | ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠡᠮ ᠤᠨ ᠵᠤᠶᠢᠯ ᠤᠨ ᠣᠷᠣᠯᠭ᠎ᠠ ᠶᠢᠨ ᠡᠵᠡᠯᠡᠬᠦ ᠬᠠᠷᠢᠴᠠᠯ ᠢ | ᠥᠭᠡᠷᠡᠴᠢᠯᠡᠯᠲᠡ ᠠᠴᠠ ᠡᠮᠦᠨᠡᠬᠢ 59 % ᠪᠠᠶᠢᠭᠰᠠᠨ ᠠᠴᠠ 36.2 % ᠪᠣᠯᠲᠠᠯ᠎ᠠ ᠪᠠᠭᠤᠷᠠᠭᠤᠯᠵᠤ᠂ ᠣᠯᠠᠨ | ᠲᠦᠮᠡᠨ ᠤ ᠡᠪᠡᠳᠴᠢᠨ ᠦᠵᠡᠭᠦᠯᠬᠦ ᠡᠮ ᠤᠨ ᠵᠠᠷᠤᠳᠠᠯ ᠤᠨ ᠵᠠᠷᠤᠯᠭ᠎ᠠ ᠦᠷᠭᠦᠯᠵᠢᠯᠡᠨ ᠪᠠᠭᠠᠰᠴᠤ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠰᠢᠭ ᠲᠤᠰᠠ ᠶᠢ ᠠᠷᠠᠳ ᠲᠤ ᠨᠡᠶᠢᠳᠡᠮ | ᠬᠦᠷᠲᠡᠭᠡᠪᠡ᠃ | |