ᠤᠶᠢᠷ᠎ᠠ ᠶᠢᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠹᠧᠩ ᠬᠤᠸᠠᠩ ᠯᠢᠩ ᠳᠤᠮᠳᠠ ᠠᠩᠭᠢ ᠭᠤᠤᠯᠳᠠᠭᠤ ᠬᠠᠳᠤᠨ ᠭᠤᠤᠯ ᠵᠡᠭᠡᠯᠢ᠂ ᠱᠢ ᠴᠧᠩ ᠵᠡᠭᠡᠯᠢ᠂ | ᠾᠧ ᠫᠢᠩ ᠵᠡᠭᠡᠯᠢ ᠵᠡᠷᠭᠡ ᠵᠡᠭᠡᠯᠢ ᠭᠤᠳᠤᠮᠵᠢ ᠶᠢᠨ ᠨᠡᠭᠦᠳᠡᠯ ᠳᠡᠯᠭᠡᠴᠡ ᠵᠢᠨᠴᠡᠭ᠂ ᠳᠡᠯᠭᠡᠭᠦᠷ ᠤᠨ ᠭᠠᠳᠠᠨᠠᠬᠢ | ᠡᠵᠡᠩᠨᠡᠯᠲᠡ᠂ ᠳᠡᠯᠭᠡᠭᠦᠷ ᠤᠨ ᠭᠠᠳᠠᠨᠠᠬᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠳᠡᠯᠭᠡᠭᠦᠷ ᠤᠨ ᠴᠣᠩᠬᠤ ᠵᠠᠷ | ᠮᠡᠳᠡᠭᠡ ᠵᠡᠷᠭᠡ ᠬᠤᠲᠠ ᠶᠢᠨ ᠳᠦᠷᠰᠦ ᠪᠠᠶᠢᠳᠠᠯ ᠢ ᠨᠥᠯᠥᠭᠡᠯᠡᠬᠦ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠪᠠ᠃ | | ᠬᠠᠤᠯᠢ ᠬᠡᠷᠡᠭᠵᠢᠭᠦᠯᠬᠦ ᠠᠵᠢᠯᠲᠠᠨ ᠨᠢᠭᠡ ᠵᠠᠮ ᠲᠣᠭᠤᠷᠢᠨ ᠪᠠᠶᠢᠴᠠᠭᠠᠵᠤ᠂ ᠨᠢᠭᠡ ᠵᠠᠮ ᠴᠡᠪᠡᠷᠯᠡᠨ ᠂ | ᠳᠡᠯᠭᠡᠭᠦᠷ ᠤᠨ ᠭᠠᠳᠠᠨᠠᠬᠢ ᠡᠵᠡᠩᠨᠡᠯᠲᠡ ᠵᠢᠴᠢ ᠳᠡᠯᠭᠡᠭᠦᠷ ᠤᠨ ᠭᠠᠳᠠᠨ᠎ᠠ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ | ᠦᠵᠡᠭᠳᠡᠯ ᠢ ᠣᠯᠵᠤ ᠦᠵᠡᠭᠡᠳ ᠴᠠᠭ ᠲᠤᠬᠠᠶ ᠳᠤᠨᠢ ᠢᠳᠬᠠᠨ ᠰᠤᠷᠭᠠᠵᠤ᠂ ᠳᠡᠯᠭᠡᠭᠦᠷ ᠤᠨ ᠡᠵᠡᠨ ᠢ ᠬᠠᠪᠰᠤᠷᠤᠨ | ᠳᠡᠯᠭᠡᠭᠦᠷ ᠤᠨ ᠭᠠᠳᠠᠨᠠᠬᠢ ᠡᠳ᠋ ᠪᠣᠳᠠᠰ ᠢ ᠳᠡᠯᠭᠡᠭᠦᠷ ᠲᠤ ᠨᠡᠭᠦᠯᠭᠡᠨ ᠣᠷᠣᠭᠤᠯᠪᠠ︔ ᠣᠯᠠᠨ ᠤᠳᠠᠭ᠎ᠠ ᠢᠳᠬᠠᠭᠠᠳ | ᠰᠣᠨᠣᠰᠬᠤ ᠦᠭᠡᠢ ᠪᠣᠯ ᠬᠠᠤᠯᠢ ᠬᠡᠷᠡᠭᠵᠢᠭᠦᠯᠬᠦ ᠠᠵᠢᠯᠲᠠᠨ ᠳᠡᠯᠭᠡᠭᠦᠷ ᠤᠨ ᠭᠠᠳᠠᠨᠠᠬᠢ ᠡᠳ᠋ ᠪᠣᠳᠠᠰ ᠢ ᠨᠢ ᠲᠦᠷ | ᠦᠯᠡᠳᠡᠭᠡᠨ ᠠᠪᠬᠤ ᠬᠡᠷᠡᠭᠲᠡᠶ᠃ ᠲᠣᠰᠤᠳᠠᠭᠠᠨ ᠤ ᠠᠵᠢᠯᠯᠠᠭ᠎ᠠ ᠨᠢ ᠨᠡᠶᠢᠲᠡ 11 ᠰᠢᠯᠵᠢᠮᠡᠯ ᠳᠡᠯᠭᠡᠴᠡ ᠶᠢᠨ ᠭᠠᠵᠠᠷ᠂ | 8 ᠳᠡᠯᠭᠡᠭᠦᠷ ᠤᠨ ᠭᠠᠳᠠᠨᠠᠬᠢ ᠡᠵᠡᠩᠨᠡᠯᠲᠡ᠂ 12 ᠳᠡᠯᠭᠡᠭᠦᠷ ᠤᠨ ᠭᠠᠳᠠᠨᠠᠲ᠋ᠤᠷᠠ ᠪᠠᠷ ᠢᠶᠠᠨ12ᠵᠢᠵᠢᠭᠵᠠᠷ ᠲᠠᠯᠪᠢᠵᠤ | ᠂ 26 ᠵᠢᠵᠢᠭ ᠵᠠᠷ ᠢ ᠢᠯᠭᠠᠷᠠᠭᠤᠯᠤᠨ ᠲᠢᠭᠯᠡᠵᠦ᠂ ᠦᠨᠳᠤᠷ ᠲᠠᠭᠤᠳᠤ ᠪᠦᠷᠢᠶ᠎ᠠ1᠂ ᠡᠷᠭᠦᠭᠦᠷ 1᠂ ᠡᠯᠧᠺᠳ᠋ᠷᠣᠨ | ᠵᠢᠩᠯᠡᠭᠦᠷ ᠤᠨ 1᠂ ᠭᠤᠷᠪᠠᠨ ᠬᠦᠷᠳᠦᠲᠦ ᠲᠡᠷᠭᠡ 1 ᠵᠢᠴᠡᠪᠡᠷᠯᠡᠨ ᠪᠠᠶᠢᠴᠠᠭᠠᠵᠠᠢ ᠃ | ᠣᠳᠣᠬᠠᠨ ᠳᠤ᠂ ︽ᠬᠤᠶᠠᠷ ᠬᠤᠲᠠ ᠬᠤᠯᠪᠣᠭᠠᠯᠠᠨ ᠡᠭᠦᠳᠬᠦ︾ ᠠᠵᠢᠯ ᠨᠢᠭᠡᠨᠲᠡ ᠪᠣᠭᠤᠮᠲᠠ ᠰᠢᠪᠲᠤᠯᠬᠤ | ᠵᠠᠩᠭᠢᠯᠠᠭ᠎ᠠ ᠵᠢᠨᠴᠠᠭ ᠦᠶᠡᠳᠤ ᠣᠷᠣᠵᠤ᠂ ᠬᠠᠶᠢᠷᠤᠪ ᠤᠨ ᠲᠣᠬᠤᠢ ᠲᠣᠭᠤᠷᠢᠭ ᠤᠨ ᠶᠡᠷᠦᠩᠬᠡᠶᠢᠯᠡᠭᠰᠡᠨ | ᠬᠠᠤᠯᠢᠲ᠋ᠣᠪᠴᠢᠶᠠ ᠶᠢᠨ ᠬᠢᠨᠢᠳᠡᠪᠬᠢᠲᠡᠶ ᠪᠠᠷ ᠠᠵᠢᠯᠯᠠᠭ᠎ᠠ ᠪᠠᠷ ᠢᠶᠠᠨ ᠥᠷᠭᠡᠨ ᠣᠯᠠᠨ ᠬᠤᠲᠠ ᠶᠢᠨ ᠠᠷᠠᠳ ᠢ | ᠬᠥᠲᠥᠯᠥᠨ ᠵᠢᠯᠣᠭᠤᠳᠴᠤ ᠪᠠᠶᠢᠭᠠᠤᠡ ᠤᠬᠠᠮᠰᠠᠷ ᠠᠴᠠ ᠪᠠᠨ ︽ᠬᠤᠶᠠᠷ ᠬᠤᠲᠠ ᠬᠤᠯᠪᠣᠭᠠᠯᠠᠨ ᠡᠭᠦᠳᠬᠦ︾ | ᠠᠵᠢᠯ ᠶᠢᠨ ᠲᠥᠯᠥᠭᠡ᠂ ᠬᠤᠳᠠᠯᠳᠤᠭᠠᠴᠢᠨ ᠡᠷᠦᠬᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠵᠤ᠂ ᠬᠠᠤᠯᠢ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠬᠢᠵᠦ᠂ ᠣᠯᠠᠨ ᠢᠶᠠᠷ ᠢᠶᠠᠨ | ᠭᠠᠷ ᠬᠤᠯᠪᠣᠨ ᠬᠠᠮᠲᠤᠪᠠᠷ ᠭᠤᠶᠤ ᠰᠠᠶᠢᠬᠠᠨ᠂ ᠴᠡᠪᠡᠷ ᠲᠡᠭᠰᠢ᠂ ᠡᠮᠬᠢ ᠳᠢᠭᠯᠢᠮ ᠲᠠᠢ ᠠᠮᠢᠳᠤᠷᠠᠯ ᠤᠨ ᠣᠷᠴᠢᠨ | ᠲᠣᠭᠤᠷᠢᠨ ᠢ ᠡᠭᠦᠳᠴᠦ᠂ ︽ᠬᠤᠶᠠᠷ ᠬᠤᠲᠠ ᠬᠤᠯᠪᠣᠭᠠᠯᠠᠨ ᠡᠭᠦᠳᠬᠦ︾ ᠳᠤ ᠥᠩᠭᠡ ᠭᠡᠷᠡᠯ ᠨᠡᠮᠡᠷᠢᠯᠡᠪᠡ᠃ |